ᠷᠠᠰᠠᠩ ᠰᠦᠮ᠎ᠡ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ 116 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/17
      3 ᠰᠠᠷ᠎ᠠ ᠶᠢᠨ 14 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠶᠤᠸᠠᠢ ᠯᠦᠩ ᠷᠠᠰᠠᠩ ᠰᠦᠮ᠎ᠡ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 116 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠠᠵᠤ ᠠᠬᠤᠶ ᠶᠢᠨ ᠠᠵᠢᠯ ᠢ ᠡᠷᠬᠡᠪᠰᠢ ᠬᠡᠳᠦᠨ ᠬᠤᠤᠰ ᠬᠠᠷᠢᠴᠠᠭ᠎ᠠ ᠶᠢ ᠨᠢᠭᠡᠳᠦᠯᠲᠡᠶ ᠲᠥᠯᠥᠪᠵᠢᠭᠦᠯᠦᠶ᠎ᠡ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠬᠤᠳᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠲᠣᠭᠲᠠᠭᠠᠭᠰᠠᠨ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠢ ᠦᠷᠭᠦᠯᠵᠢᠯᠡᠨ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠶᠢ ᠠᠭᠤᠰᠤᠯᠴᠠᠭᠤᠯᠤᠨ ᠬᠥᠭᠵᠢᠭᠦᠯᠬᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠭᠤᠤᠯ ᠰᠡᠳᠦᠪᠲᠦ ᠬᠥᠮᠦᠵᠢᠯ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠭᠦᠨᠵᠡᠭᠡᠶᠢᠷᠡᠭᠦᠯᠵᠦ᠂ ᠪᠥᠬᠦ ᠪᠠᠯᠭᠠᠰᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠨᠠᠩ ᠴᠢᠩᠭ᠎ᠠ ᠡᠭᠦᠷᠭᠡᠯᠡᠯ᠂ ᠨᠠᠩ ᠰᠢᠯᠢᠳᠡᠭ ᠰᠤᠷᠲᠠᠯ᠂ ᠨᠠᠩ ᠰᠠᠶᠢᠨ ᠳᠦᠷᠢ ᠲᠥᠷᠬᠦ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠵᠤ᠂ ︽ᠬᠥᠭᠵᠢᠭᠦᠯᠬᠦ ᠪᠣᠯ ᠬᠠᠲᠠᠭᠤ ᠶᠣᠰᠣ ᠮᠥᠨ᠂ ᠠᠮᠤᠷ ᠲᠦᠪᠰᠢᠨ ᠴᠤ ᠬᠠᠲᠠᠭᠤ ᠶᠣᠰᠣ ᠮᠥᠨ︾ ᠭᠡᠬᠦ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠶᠤᠯᠭᠦᠶ ᠦᠢᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠵᠠᠬᠢᠳᠠᠯ ᠰᠤᠷᠪᠤᠯᠵᠢᠯᠠᠯ ᠤᠨ ᠡᠬᠢ ᠡᠭᠦᠰᠦᠯ ᠠᠴᠠ ᠨᠢ ᠵᠠᠰᠠᠬᠤ ᠪᠠ ᠲᠣᠪᠤᠶᠢᠮ᠎ᠠ ᠵᠥᠷᠢᠴᠡᠯ ᠢ ᠠᠷᠢᠯᠭᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠶ᠃ ᠨᠠᠮ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠡᠯ᠎ᠡ ᠲᠣᠰᠬᠤᠨ ᠤ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠢ ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠤᠮᠠᠷᠠᠲᠤ ᠬᠢᠯᠢ ᠶᠢᠨ ᠰᠣᠶᠣᠯ᠂ ᠬᠠᠳᠤᠨ ᠭᠤᠣᠯ ᠤᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠥᠪᠡᠷᠮᠢᠴᠡ ᠣᠨᠴᠠᠯᠢᠭ ᠲᠠᠢ ᠰᠢᠨ᠎ᠡ ᠰᠣᠷᠭᠤᠭ ᠤᠷᠠᠨ ᠰᠠᠶᠢᠬᠠᠨ ᠤ ᠲᠣᠭᠯᠠᠯᠲᠠ᠂ ᠤᠨᠤᠯ ᠤᠨ ᠤᠬᠠᠭᠤᠯᠭ᠎ᠠ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠵᠦ᠂ ᠲᠠᠷᠢᠶᠠᠯᠠᠬᠤ ᠣᠷᠣᠨ ᠤ ᠪᠣᠯᠪᠠᠰᠤᠨ ᠤ ᠰᠢᠨ᠎ᠡ ᠰᠤᠷᠲᠠᠯ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号