3 ᠰᠠᠷ᠎ᠠ ᠶᠢᠨ 14 ᠤ ᠡᠳᠦᠷ᠂ ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ | ᠭᠤᠣᠯ ᠳᠤᠭᠤᠶᠢᠯᠠᠩ 2025 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ | ᠶᠢᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠪᠦᠷᠢᠯᠳᠦᠬᠦᠨ᠂ ᠪᠦᠬᠦ ᠲᠤᠭᠤᠷᠢᠭ ᠤᠨ ᠳᠡᠳ᠋ ᠰᠢᠶᠠᠨ ᠤ ᠱᠠᠲᠤᠨ ᠠᠴᠠ ᠳᠡᠭᠡᠭᠰᠢᠬᠢ ᠤᠳᠤᠷᠢᠳᠬᠤ | ᠺᠠᠳ᠋ᠷ᠂ ᠡᠯ᠎ᠡ ᠪᠠᠯᠭᠠᠰᠤ ︵ᠵᠡᠭᠡᠯᠢ ᠭᠤᠳᠤᠮᠵᠢ︶᠂ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ | ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ | ᠪᠣᠯᠪᠠᠰᠤᠷᠠᠯ ᠤᠨ ᠬᠤᠷᠠᠯ ᠳᠤ ᠣᠷᠣᠯᠴᠠᠪᠠ᠃ | ᠬᠤᠷᠠᠯ ᠠᠴᠠ ᠨᠡᠩᠵᠢᠭᠰᠡᠨ ᠥᠪᠥᠷ ᠮᠣᠩᠭᠤᠯ ᠤᠨ ᠶᠡᠷᠦᠩᠬᠡᠶ ᠬᠠᠷᠢᠭᠤᠴᠠᠯᠭᠠᠲᠠᠨ ᠯᠢᠦ ᠲᠢᠩ ᠲᠢᠩ ᠢ | ᠣᠨᠴᠠᠭᠠᠶᠢᠯᠠᠨ ᠤᠷᠢᠵᠤ᠂ ᠵᠣᠬᠢᠶᠠᠮᠠᠯ ᠣᠶᠤᠨ ᠤ ᠲᠣᠭᠤᠷᠢᠨ ᠳᠤ ᠲᠤᠰᠬᠠᠶ ᠰᠡᠳᠦᠪ ᠢᠶᠠᠷ ᠬᠢᠴᠢᠶᠡᠯᠯᠡᠪᠡ᠃ ᠯᠢᠦ | ᠪᠠᠭᠰᠢ DeepSeek ᠮᠡᠷᠭᠡᠵᠢᠯ ᠤᠨ ᠬᠡᠷᠡᠭᠯᠡᠯᠲᠡ ᠶᠢᠨ ᠠᠬᠤᠶ ᠪᠠᠶᠢᠳᠠᠯ ᠬᠢᠭᠡᠳ ᠠᠴᠢ ᠬᠤᠯᠪᠣᠭᠳᠠᠯ᠂ ᠭᠤᠤᠯ | ᠬᠡᠷᠡᠭᠯᠡᠭᠡᠨ ᠤ ᠠᠬᠤᠶ ᠪᠠᠶᠢᠳᠠᠯ ᠬᠢᠭᠡᠳ ᠬᠠᠷᠠᠯᠲᠠ ᠵᠢᠴᠢ ᠲᠡᠭᠦᠨ ᠤ ᠥᠪᠥᠷ ᠮᠣᠩᠭᠤᠯ ᠤᠨ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠦᠢᠯᠡᠳᠦᠯ ᠵᠡᠷᠭᠡ ᠭᠤᠷᠪᠠᠨ ᠲᠠᠯ᠎ᠠ ᠠᠴᠠ | ᠭᠦᠨᠵᠡᠭᠡᠶ ᠵᠠᠳᠠᠯᠤᠯᠲᠠ ᠬᠢᠵᠦ᠂ DeepSeek ᠵᠣᠬᠢᠶᠠᠮᠠᠯ ᠣᠶᠤᠨ ᠤ ᠮᠡᠷᠭᠡᠵᠢᠯ ᠤᠨ ᠥᠪᠥᠷ ᠮᠣᠩᠭᠤᠯ | ᠣᠷᠣᠨ ᠳᠠᠬᠢ ᠪᠣᠳᠠᠲᠠᠶᠢᠵᠢᠭᠰᠠᠨ ᠦᠢᠯᠡᠳᠦᠯᠭᠡ ᠶᠢ ᠨᠠᠷᠢᠨ ᠲᠠᠨᠢᠯᠴᠠᠭᠤᠯᠵᠤ᠂ ᠠᠵᠤ ᠠᠬᠤᠶ ᠨᠡᠶᠢᠭᠡᠮ ᠤᠨ ᠪᠥᠬᠦ | ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠡᠶᠡᠯᠡᠭᠦᠯᠬᠦ ᠳᠤ ᠰᠢᠨ᠎ᠡ ᠠᠮᠢᠵᠢᠷᠠᠯ ᠤᠨ ᠬᠦᠴᠦᠨ ᠪᠠ | ᠬᠦᠰᠡᠯ ᠡᠷᠡᠮᠡᠯᠵᠡᠯ ᠣᠯᠭᠤᠭᠰᠠᠨ ᠪᠠᠶᠢᠨ᠎ᠠ᠃ | ᠬᠢᠴᠢᠶᠡᠯ ᠳᠠᠭᠤᠰᠤᠭᠰᠠᠨ ᠤ ᠳᠠᠷᠠᠭ᠎ᠠ᠂ ᠯᠢᠦ ᠪᠠᠭᠰᠢ ᠪᠠᠰᠠ ᠬᠤᠷᠠᠯ ᠳᠤ ᠣᠷᠣᠯᠴᠠᠭᠰᠠᠳ ᠲᠠᠢ ᠰᠠᠨᠠᠯ ᠢᠶᠠᠨ | ᠰᠣᠯᠢᠯᠴᠠᠵᠤ᠂ ᠣᠯᠠᠨ ᠢᠶᠠᠷ ᠢᠶᠠᠨ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠪᠠ AI ᠮᠡᠷᠭᠡᠵᠢᠯ ᠤᠨ | ᠰᠡᠵᠢᠭᠯᠡᠯ ᠤᠨ ᠲᠤᠬᠠᠶ ᠪᠠᠭᠰᠢ ᠠᠴᠠ ᠠᠰᠠᠭᠤᠨ ᠯᠠᠪᠯᠠᠵᠤ᠂ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠬᠥᠷ | ᠬᠥᠭᠵᠢᠶᠡᠨ ᠲᠠᠢ ᠪᠠᠶᠢᠯ᠎ᠠ᠃ | ᠲᠣᠰ ᠤᠳᠠᠭᠠᠨ ᠤ ᠲᠤᠰᠬᠠᠶ ᠰᠡᠳᠦᠪ ᠢᠶᠠᠷ ᠬᠢᠴᠢᠶᠡᠯᠯᠡᠬᠦ ᠨᠢ ᠪᠥᠬᠦ ᠲᠣᠭᠤᠷᠢᠭ ᠤᠨ ᠡᠯ᠎ᠡ ᠱᠠᠲᠤᠨ ᠤ | ᠤᠳᠤᠷᠢᠳᠬᠤ ᠺᠠᠳ᠋ᠷᠴᠤᠳ ᠤᠨ ᠵᠣᠬᠢᠶᠠᠮᠠᠯ ᠣᠶᠤᠨ ᠴᠢᠳᠠᠪᠤᠷᠢ ᠪᠠ AI ᠬᠦᠷᠢᠶᠡᠨ ᠳᠠᠬᠢ ᠣᠶᠢᠯᠠᠭᠠᠯᠲᠠ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠬᠦ ᠶᠢ ᠬᠥᠲᠥᠯᠦᠨ ᠵᠢᠯᠣᠭᠤᠳᠴᠤ᠂ ᠬᠤᠰᠢᠭᠤᠷᠠᠯ ᠮᠡᠷᠭᠡᠵᠢᠯ ᠤᠨ ᠲᠤᠬᠠᠶ ᠲᠠᠨᠢᠯᠲᠠ ᠪᠠᠨ | ᠭᠦᠨᠵᠡᠭᠡᠶᠢᠷᠡᠭᠦᠯᠦᠨ᠂ ᠠᠵᠢᠯ ᠲᠥᠷᠥᠯ ᠤᠨ ᠬᠥᠭᠵᠢᠯᠲᠡ ᠶᠢᠨ ᠪᠠᠶᠢᠳᠠᠯ ᠢ ᠨᠠᠩ ᠣᠨᠣᠪᠴᠢᠲᠠᠶ ᠡᠵᠡᠮᠳᠡᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠶ | ᠠᠭᠤᠰᠤᠯᠴᠠᠯ ᠢ ᠠᠬᠢᠭᠤᠯᠤᠨ᠂ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ ᠶᠤᠮ᠃ |