3 ᠰᠠᠷ᠎ᠠ ᠶᠢᠨ 14 ᠤ ᠡᠳᠦᠷ᠂ ᠬᠠᠶᠢᠨᠠᠨ ᠲᠣᠭᠤᠷᠢᠭ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠤᠨ ᠬᠤᠷᠠᠯ ᠬᠤᠷᠠᠯᠳᠤᠵᠤ᠂ | ᠬᠠᠶᠢᠨᠠᠨ ᠲᠣᠭᠤᠷᠢᠭ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠵᠤ ᠳᠡᠭᠡᠭᠰᠢᠯᠡᠭᠦᠯᠬᠦ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ᠂ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ | ᠮᠠ ᠺᠠᠢ᠂ ᠯᠢᠦ ᠲᠢᠶᠠᠨ ᠴᠢᠩ ᠣᠷᠣᠯᠴᠠᠪᠠ᠃ | ᠬᠤᠷᠠᠯ ᠳᠤ ᠣᠷᠣᠯᠴᠠᠭᠰᠠᠳ ᠤᠷᠢᠳ ᠬᠤᠵᠢᠳ ᠬᠠᠶᠢᠨᠠᠨ ᠲᠣᠭᠤᠷᠢᠭ ᠤᠨ ᠠᠵᠤ ᠦᠢᠯᠡᠰ ᠤᠨ | ᠬᠦᠷᠢᠶᠡᠯᠡᠩ ᠤᠨ ᠪᠠᠷᠠᠭᠤᠨ ᠣᠷᠣᠬᠤ ᠡᠭᠦᠳᠡ᠂ ᠡᠩ ᠤᠨ ᠪᠠᠷᠠᠭ᠎ᠠ ᠶᠢᠨ ᠲᠡᠷᠭᠡᠨ ᠵᠣᠭᠰᠣᠭᠠᠯ᠂ ᠬᠡᠢ ᠨᠡᠮᠡᠬᠦ ᠥᠷᠲᠡᠭᠡ᠂ | ᠤᠯᠤᠰ ᠤᠨ ᠡᠨᠧᠷᠭᠢ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠵᠡᠭᠦᠨ ᠡᠭᠦᠳᠡ᠂ ᠦᠬᠠᠶ ᠶᠢᠨ ᠶᠠ ᠳ᠋ᠦᠩ | ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠵᠡᠷᠭᠡ ᠭᠠᠵᠠᠷ ᠲᠤ ᠬᠦᠷᠴᠦ᠂ ᠲᠤᠬᠠᠶ ᠶᠢᠨ ᠲᠠᠯᠠᠪᠠᠶ ᠳᠤ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠰᠠᠶᠢᠵᠢᠷᠠᠭᠤᠯᠬᠤ ᠬᠤᠯᠪᠣᠭᠳᠠᠯ ᠪᠥᠬᠦᠶ ᠵᠦᠢᠯᠡᠰ ᠢ ᠰᠤᠳᠤᠯᠤᠨ | ᠪᠠᠶᠢᠷᠢᠯᠠᠭᠤᠯᠤᠭᠰᠠᠨ ᠪᠥᠭᠡᠳ ᠶᠠᠷᠢᠯᠴᠠᠬᠤ ᠬᠤᠷᠠᠯ ᠬᠢᠪᠠ᠃ ᠯᠢᠦ ᠪᠦᠦ ᠴᠧᠩ᠂ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠦᠬᠠᠢ ᠬᠤᠳᠠ ᠶᠢᠨ ︽ᠲᠠᠪᠤᠨ ᠲᠣᠭᠤᠷᠢᠭ | ᠨᠢᠭᠡ ᠭᠤᠣᠯ︾ ᠢ ᠭᠦᠨᠵᠡᠭᠡᠢ ᠬᠤᠯᠪᠣᠭᠠᠯᠠᠨ ᠵᠠᠰᠠᠬᠤ ᠱᠠᠭᠠᠷᠳᠠᠯᠭ᠎ᠠ ᠶᠣᠰᠣᠭᠠᠷ᠂ ᠬᠦᠷᠢᠶᠡᠯᠡᠩ ᠲᠣᠭᠤᠷᠢᠭ ᠤᠨ | ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠪᠠ ᠪᠦᠬᠦᠯᠢ ᠴᠣᠭᠴᠠ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ | ᠴᠡᠭᠴᠡᠯᠡᠨ ᠵᠠᠰᠠᠬᠤ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠴᠡᠭᠴᠡᠯᠡᠨ ᠵᠠᠰᠠᠬᠤ ᠡᠭᠦᠷᠭᠡ᠂ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ︽ᠰᠢᠰᠲ᠋ᠧᠮ ᠲᠠᠢ ᠪᠠᠷ ᠵᠠᠰᠠᠬᠤ᠂ | ᠲᠡᠭᠦᠯᠳᠡᠷᠵᠢᠭᠦᠯᠦᠨ ᠰᠢᠨᠡᠳᠬᠡᠬᠦ᠂ ᠥᠭᠡᠷᠡᠴᠢᠯᠡᠨ ᠳᠡᠭᠡᠭᠰᠢᠯᠡᠭᠦᠯᠬᠦ︾ ᠵᠡᠷᠭᠡ ᠠᠷᠭ᠎ᠠ ᠪᠠᠷᠢᠯ ᠢ ᠠᠪᠴᠤ᠂ ᠬᠦᠷᠢᠶᠡᠯᠡᠩ | ᠲᠣᠭᠤᠷᠢᠭ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠦᠨᠡᠨᠬᠦ | ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠶ᠃ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢ ᠰᠢᠨ᠎ᠡ ᠪᠠᠷ | ᠳᠡᠭᠡᠭᠰᠢᠯᠡᠭᠦᠯᠬᠦ ᠶᠢ ᠭᠦᠨᠵᠡᠭᠡᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠨᠣᠭᠤᠭᠠᠷᠠᠭᠤᠯᠤᠯᠲᠠ᠂ ᠵᠠᠮ᠂ ᠤᠰᠤ | ᠵᠠᠯᠠᠬᠤ ᠵᠡᠷᠭᠡ ᠲᠠᠯ᠎ᠠ ᠶᠢᠨ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠠᠵᠤ | ᠠᠬᠤᠶᠢᠯᠠᠯ ᠤᠨ ᠬᠤᠯᠪᠣᠭᠠᠯᠠᠨ ᠬᠥᠳᠡᠯᠦᠯᠴᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ | ᠴᠠᠭ ᠢ ᠠᠮᠵᠢᠨ᠂ ᠠᠬᠢᠴᠠ ᠶᠢ ᠠᠳᠬᠤᠵᠤ᠂ ᠬᠦᠴᠦ ᠪᠠᠨ ᠬᠠᠮᠲᠤᠳᠬᠠᠨ ᠬᠦᠴᠢᠷ ᠢ ᠲᠤᠭᠤᠯᠤᠨ ᠪᠡᠷᠬᠡ ᠶᠢ | ᠳᠠᠪᠠᠭ᠋ᠤ ᠶᠢᠨ ᠬᠠᠮᠲᠤ ᠵᠡᠭᠡᠯᠢ ᠳᠠᠭᠠᠤ ᠶᠢᠨ ᠣᠷᠴᠢᠨ ᠲᠣᠭᠤᠷᠢᠨ ᠤ ᠬᠠᠮᠢᠶᠠᠷᠤᠯᠲᠠ ᠬᠠᠮᠠᠭᠠᠯᠠᠯᠲᠠ᠂ ᠭᠤᠣᠯ ᠳᠡᠳ᠋ | ᠭᠤᠣᠯ ᠵᠠᠮ ᠤᠨ ᠵᠠᠮ ᠤᠨ ᠭᠠᠳᠠᠷᠭᠤ ᠶᠢ ᠬᠠᠮᠠᠭᠠᠯᠠᠬᠤ ᠶᠢ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠣᠷᠴᠢᠨ | ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃ |