ᠪᠠᠶᠠᠨᠲᠤᠬᠤᠢ ᠪᠠᠯᠭᠠᠰᠤ 2025 ᠣᠨ ᠤ 7 ᠳ᠋ᠤᠭᠠᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/18
      3 ᠰᠠᠷ᠎ᠠ ᠶᠢᠨ 17 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠶᠠᠨ ᠫᠧᠩ ᠪᠠᠶᠠᠨᠲᠤᠬᠤᠢ ᠪᠠᠯᠭᠠᠰᠤᠨ ᠤ 2025 ᠣᠨ ᠤ 7 ᠳ᠋ᠤᠭᠠᠷ ᠤᠳᠠᠭ᠎ᠠ ᠶᠢᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠣᠷᠣᠯᠴᠠᠭᠰᠠᠨ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠰᠤᠷᠭᠠᠨ ᠬᠥᠮᠦᠵᠢᠯ ᠤᠨ ᠡᠲᠡᠭᠡᠳ ᠤᠨ ᠭᠡᠰᠢᠭᠦᠨ ᠵᠢᠴᠢ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ ︽ᠦᠨᠡᠨ︾ ᠰᠡᠳᠬᠦᠯ ᠤᠨ 2025 ᠣᠨ ᠤ 6 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ᠴᠢᠬᠤᠯᠠ ᠵᠣᠬᠢᠶᠠᠯ ︽︿ᠬᠤᠶᠠᠷ ᠢ ᠭᠤᠶᠢᠪᠢᠰᠢ ᠦᠭᠡᠢ﹀ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ 2025 ᠣᠨ ᠤ ᠬᠠᠶᠢᠨᠠᠨ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠰᠬᠠᠶ ᠲᠠᠯᠠᠪᠤᠷ ᠤᠨ ᠠᠵᠢᠯᠲᠠᠨ ᠡᠯᠰᠡᠵᠦ ᠰᠢᠨᠵᠢᠯᠡᠨ ᠪᠠᠶᠢᠴᠠᠭᠠᠭᠰᠠᠨ ᠦᠷ᠎ᠡ ᠳ᠋ᠦᠩ᠂ 2025 ᠣᠨ ᠤ ᠪᠠᠯᠭᠠᠰᠤᠨ ᠤ ᠨᠠᠮ ᠤᠨ ᠬᠤᠷᠢᠶ᠎ᠠ ᠶᠢᠨ ᠨᠠᠮ ᠤᠨ ᠵᠠᠷᠤᠳᠠᠯ ᠢ ᠬᠡᠷᠡᠭᠯᠡᠬᠦ ᠲᠥᠯᠥᠪᠯᠡᠭᠡ᠂ ︽ᠢᠷᠠᠭᠤ ᠠᠯᠳᠠᠷᠲᠠᠢ ᠪᠠᠷ ᠨᠠᠮ ᠳᠤ 50 ᠵᠢᠯ ᠪᠣᠯᠤᠭᠰᠠᠨ︾ ᠳᠤᠷᠠᠰᠬᠠᠯ ᠤᠨ ᠲᠡᠮᠳᠡᠭ ᠲᠠᠷᠬᠠᠭᠠᠬᠤ᠂ ᠪᠠᠶᠠᠨᠲᠣᠬᠤᠶ ᠪᠠᠯᠭᠠᠰᠤᠨ ᠤ ᠬᠡᠰᠡᠭ ᠵᠠᠮ ᠢ ᠨᠡᠷᠡᠶᠢᠳᠬᠦ ᠪᠠᠷ ᠪᠠᠶᠢᠭ᠎ᠠ ᠵᠡᠷᠭᠡ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ᠂ ᠪᠦᠬᠦ ᠪᠠᠯᠭᠠᠰᠤᠨ ᠤ ᠳᠡᠭᠡᠳᠦ ᠲᠤᠤᠷᠠᠳᠤ ᠱᠠᠳᠤ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠢᠴᠢ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠶᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠣᠯᠤᠨ ᠡᠯ᠎ᠡ ᠲᠣᠰᠬᠤᠨ ᠤ ᠠᠵᠢᠯ ᠤᠨ ᠨᠠᠶᠢᠳᠠᠪᠤᠷᠢᠵᠢᠭᠤᠯᠤᠯᠲᠠ ᠳᠡᠭᠡᠷ᠎ᠡ ᠢᠯᠡᠷᠡᠭᠦᠯᠵᠦ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ 2025 ᠣᠨ ᠤ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ᠂ ᠠᠵᠢᠯ ᠤᠨ ᠴᠢᠭᠯᠡᠯ ᠢᠶᠠᠨ ᠲᠣᠳᠣᠷᠬᠠᠶᠢᠯᠠᠵᠤ᠂ ᠴᠠᠭ ᠬᠤᠭᠤᠴᠠᠭ᠎ᠠ ᠪᠠ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ︽ᠡᠬᠢᠯᠡᠯᠲᠡ ᠶᠢᠨ ᠳᠠᠷᠤᠢ ᠰᠢᠪᠲᠤᠯᠬᠤ︾ ᠣᠪᠣᠷ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠵᠤ ᠦᠢᠯᠡᠰ ᠢ ᠬᠥᠭᠵᠢᠭᠦᠯᠬᠦ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠶᠠᠨᠲᠤᠬᠤᠢ ᠪᠠᠯᠭᠠᠰᠤ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠤᠳᠤᠷᠢᠳᠬᠤ ᠺᠠᠳ᠋ᠷᠴᠤᠳ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠶᠢᠴᠢᠯᠠᠨ᠂ ᠠᠵᠢᠯ ᠤᠨ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠵᠤ᠂ ᠺᠠᠳ᠋ᠷ ᠤᠨ ᠴᠢᠯᠥᠭᠡ ᠭᠤᠶᠤᠬᠤ ᠪᠠ ᠲᠠᠶᠢᠯᠬᠤ ᠬᠠᠮᠢᠶᠠᠷᠤᠯᠲᠠ᠂ ᠠᠵᠢᠯ ᠳᠤ ᠭᠠᠷᠬᠤ ᠬᠠᠮᠢᠶᠠᠷᠤᠯᠲᠠ᠂ ᠵᠢᠵᠢᠭᠦᠷᠯᠡᠨ ᠰᠠᠬᠢᠬᠤ ᠵᠡᠷᠭᠡ ᠠᠵᠢᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ︽ᠡᠷᠲᠡ︾ ᠶᠢ ᠲᠡᠷᠢᠭᠦᠨ ᠳᠤ ᠲᠠᠯᠪᠢᠬᠤ᠂ ︽ᠲᠦᠷᠭᠡᠨ︾ ᠢ ᠲᠡᠷᠢᠭᠦᠨ ᠳᠤ ᠲᠠᠯᠪᠢᠬᠤ᠂ ︽ᠦᠷ᠎ᠡ ᠪᠦᠲᠦᠮᠵᠢ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠠᠵᠢᠯ ᠤᠨ ᠦᠷ᠎ᠡ ᠪᠦᠲᠦᠮᠵᠢ ᠪᠠ ᠬᠡᠷᠡᠭᠵᠢᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠺᠠᠳ᠋ᠷ ᠤᠨ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠪᠣᠯᠤᠨ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠲᠣᠭᠲᠠᠭᠰᠠᠨ ᠴᠠᠭ ᠦᠭᠡᠢ ᠪᠠᠷ ᠡᠯ᠎ᠡ ᠲᠣᠰᠬᠤᠨ ᠳᠤ ᠭᠦᠨᠵᠡᠭᠡᠶᠢᠷᠡᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠴᠢᠩᠭ᠎ᠠ ᠬᠦᠴᠦᠲᠡᠢ ᠬᠢᠨᠠᠯᠲᠠ ᠲᠠᠯᠪᠢᠬᠤ ᠪᠠᠷ ᠪᠦᠬᠦ ᠪᠠᠯᠭᠠᠰᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号