ᠬᠦᠬᠤᠰᠣ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ 2024 ᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/18
      2025 ᠣᠨ ᠤ 3 ᠰᠠᠷ᠎ᠠ ᠶᠢᠨ 17 ᠤ ᠡᠳᠦᠷ᠂ ᠬᠦᠬᠤᠰᠣ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ 2024 ᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠶᠡᠭᠡ ᠬᠤᠷᠠᠯ ᠬᠤᠷᠠᠯᠳᠤᠭᠤᠯᠪᠠ᠃ ᠲᠣᠰ ᠤᠳᠠᠭᠠᠨ ᠤ ᠬᠤᠷᠠᠯ ᠢ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠱᠦᠵᠢ ᠶᠠᠩ ᠷᠦᠢ ᠲᠢᠩ ᠡᠷᠭᠢᠯᠡᠵᠦ᠂ ᠨᠠᠮ ᠤᠨ ᠡᠭᠦᠷ ᠤᠨ ᠪᠥᠬᠦ ᠨᠠᠮ ᠤᠨ ᠭᠡᠰᠢᠭᠦᠨ ᠬᠤᠷᠠᠯ ᠳᠤ ᠣᠷᠣᠯᠴᠠᠵᠠᠶ᠃      ᠬᠤᠷᠠᠯ ᠨᠢ ᠲᠣᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠠᠵᠢᠯ ᠤᠨ ᠲᠥᠰᠦᠯ ᠪᠠ ᠠᠵᠢᠯᠯᠠᠭ᠎ᠠ ᠶᠢᠨ ᠶᠠᠪᠤᠴᠠ ᠶᠢᠨ ᠶᠣᠰᠣᠭᠠᠷ᠂ ᠲᠠᠰ ᠳᠠᠷᠠᠭᠠᠯᠠᠨ ᠶᠠᠪᠤᠭᠳᠠᠪᠠ᠃ ᠡᠩ ᠲᠡᠷᠢᠭᠦᠨ ᠳᠤ᠂ ᠶᠠᠩ ᠷᠦᠢ ᠲᠢᠩ ᠨᠥᠬᠦᠷ ᠪᠠᠶᠢᠭᠤᠯᠭ᠎ᠠ ᠶᠢᠨ ᠨᠠᠮ ᠤᠨ ᠡᠭᠦᠷ ᠢ ᠲᠥᠯᠥᠭᠡᠯᠡᠨ 2024 ᠣᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠪᠣᠯᠭᠠᠨ᠎ᠠ᠃ ᠪᠦᠬᠦ ᠨᠠᠮ ᠤᠨ ᠭᠡᠰᠢᠭᠦᠨ ᠨᠠᠮ ᠤᠨ ᠡᠭᠦᠷ ᠤᠨ ᠤᠳᠤᠷᠢᠳᠬᠤ ᠪᠠᠭ ᠤᠨ ᠬᠠᠷᠢᠴᠠᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠰᠣᠨᠣᠰᠤᠭᠰᠠᠨ ᠤ ᠲᠠᠷᠠᠭ᠎ᠠ᠂ ᠨᠠᠮ ᠤᠨ ᠡᠭᠦᠷ ᠤᠨ ᠠᠵᠢᠯ ᠢ ᠦᠨᠡᠯᠡᠵᠦ᠂ ᠥᠩᠭᠡᠷᠡᠭᠰᠡᠨ ᠨᠢᠭᠡ ᠵᠢᠯ ᠤᠨ ᠠᠮᠵᠢᠯᠲᠠ ᠶᠢ ᠨᠤᠲᠠᠯᠠᠭᠰᠠᠨ ᠪᠥᠭᠡᠳ ᠢᠷᠡᠭᠡᠳᠦᠢ ᠶᠢᠨ ᠠᠵᠢᠯ ᠤᠨ ᠲᠤᠬᠠᠢ ᠰᠠᠨᠠᠭᠤᠯᠭ᠎ᠠ ᠪᠠ ᠬᠦᠰᠡᠯ ᠡᠷᠡᠮᠡᠯᠵᠡᠯ ᠳᠤᠷᠠᠳᠴᠠᠢ᠃ ᠳᠠᠷᠠᠭ᠎ᠠ ᠨᠢ ᠨᠠᠮ ᠤᠨ ᠭᠡᠰᠢᠭᠦᠨ ᠤ ᠠᠷᠠᠳᠴᠢᠯᠠᠯ ᠢᠶᠠᠷ ᠰᠢᠯᠭᠠᠨ ᠦᠨᠡᠯᠡᠪᠡ᠃ ᠲᠤᠬᠠᠢ ᠶᠢᠨ ᠲᠠᠯᠠᠪᠠᠢ ᠳᠤ ︽ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠬᠦᠰᠦᠨᠦᠭ︾ ᠢ ᠲᠠᠷᠬᠠᠭᠠᠵᠤ᠂ ᠨᠠᠮ ᠤᠨ ᠭᠡᠰᠢᠭᠦᠳ ᠨᠡᠷ᠎ᠡ ᠲᠡᠮᠳᠡᠭᠯᠡᠬᠦ ᠦᠭᠡᠢ ᠬᠡᠯᠪᠡᠷᠢ ᠪᠠᠷ ᠨᠠᠷᠢᠨ ᠬᠢᠨᠠᠮᠠᠭᠠᠢ ᠲᠠᠭᠯᠠᠵᠤ᠂ ᠨᠠᠮ ᠤᠨ ᠭᠡᠰᠢᠭᠦᠳ ᠤᠨ ᠡᠳᠦᠷ ᠲᠤᠳᠤᠮ ᠤᠨ ᠢᠯᠡᠷᠡᠯ ᠲᠠᠢ ᠤᠶᠠᠯᠳᠤᠭᠤᠯᠤᠨ ᠪᠤᠰᠤᠳᠴᠢ ᠲᠥᠪ ᠭᠤᠣᠯᠴᠢ ᠦᠨᠡᠯᠡᠯᠲᠡ ᠬᠢᠪᠡ᠃ ᠡᠴᠦᠰ ᠲᠤ᠂ ᠨᠠᠮ ᠤᠨ ᠭᠡᠰᠢᠭᠦᠨ ᠤ ᠥᠪᠡᠷ ᠢ ᠪᠠᠨ ᠦᠨᠡᠯᠡᠬᠦ ᠪᠠ ᠬᠠᠷᠢᠯᠴᠠᠨ ᠦᠨᠡᠯᠡᠬᠦ ᠭᠤᠭᠴᠤᠭ᠎ᠠ ᠳᠤ ᠣᠷᠣᠵᠤ᠃ ᠪᠥᠬᠦ ᠨᠠᠮ ᠤᠨ ᠭᠡᠰᠢᠭᠦᠳ ᠳᠤᠭᠤᠶᠢᠯᠠᠩ ᠬᠤᠪᠢᠶᠠᠭᠰᠠᠨ ᠬᠡᠯᠪᠡᠷᠢ ᠪᠠᠷ ᠨᠠᠷᠢᠨ ᠲᠠᠩᠰᠠ ᠵᠢᠴᠢ ᠬᠢᠷᠢ ᠲᠡᠩᠴᠡᠭᠰᠡᠨ ᠨᠠᠮ ᠤᠨ ᠭᠡᠰᠢᠭᠦᠨ ᠤ ᠪᠠᠷᠢᠮᠵᠢᠶ᠎ᠠ ᠵᠡᠷᠭᠡ ᠶᠢ ᠬᠠᠷᠢᠴᠠᠭᠤᠯᠤᠨ ᠪᠠᠶᠢᠴᠠᠭᠠᠨ ᠳᠡᠯᠭᠡᠵᠦ᠂ ᠲᠣᠰ ᠪᠡᠶ᠎ᠡ ᠶᠢᠨ ᠰᠤᠷᠤᠯᠴᠠᠯᠭ᠎ᠠ᠂ ᠠᠵᠢᠯ᠂ ᠠᠮᠢᠳᠤᠷᠠᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠶ ᠪᠥᠭᠡᠳ ᠭᠦᠨᠵᠡᠭᠡᠶ ᠥᠷᠨᠢᠭᠦᠯᠵᠦ᠂ ᠣᠯᠠᠨ ᠢᠶᠠᠷ ᠢᠶᠠᠨ ᠦᠨᠡᠨᠴᠢ ᠪᠠᠷ ᠰᠣᠯᠢᠯᠴᠠᠵᠤ᠂ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠬᠥᠷ ᠬᠥᠭᠵᠢᠶᠡᠨᠲᠡᠶ ᠪᠥᠭᠡᠳ ᠲᠥᠪ ᠴᠢᠩᠭ᠎ᠠ ᠪᠠᠶᠢᠪᠠ᠃      ᠲᠣᠰ ᠤᠳᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠬᠤᠷᠠᠯᠳᠤᠭᠤᠯᠤᠭᠰᠠᠨ ᠨᠢ ᠭᠦᠨ ᠤᠰᠤ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠡᠭᠦᠷ ᠤᠨ ᠪᠥᠬᠦ ᠨᠠᠮ ᠤᠨ ᠭᠡᠰᠢᠭᠦᠨ ᠤ ᠨᠠᠮᠴᠢ ᠴᠢᠨᠠᠷ ᠤᠨ ᠤᠬᠠᠮᠰᠠᠷ ᠪᠠ ᠰᠠᠬᠢᠯᠭ᠎ᠠ ᠪᠠᠲᠤ ᠶᠢᠨ ᠤᠬᠠᠮᠰᠠᠷ ᠢ ᠪᠦᠲᠦᠮᠵᠢᠲᠡᠶ ᠴᠢᠩᠭᠠᠳᠬᠠᠵᠤ᠂ ᠨᠠᠮ ᠤᠨ ᠭᠡᠰᠢᠭᠦᠨ ᠤ ᠬᠤᠭᠤᠷᠣᠨᠳᠣᠬᠢ ᠰᠣᠯᠢᠯᠴᠠᠭ᠎ᠠ ᠪᠦᠯᠬᠦᠮᠳᠡᠯ ᠢ ᠴᠢᠩᠭᠠᠳᠬᠠᠵᠤ᠂ ᠨᠠᠮ ᠤᠨ ᠡᠭᠦᠷ ᠤᠨ ᠬᠤᠶᠢᠰᠢᠳᠠ ᠶᠢᠨ ᠠᠵᠢᠯ ᠤᠨ ᠥᠷᠨᠢᠯᠲᠡ ᠳᠤ ᠪᠠᠲᠤ ᠴᠢᠩᠭ᠎ᠠ ᠬᠥᠳᠡᠯᠭᠡᠬᠦ ᠬᠦᠴᠦᠨ ᠨᠡᠮᠡᠷᠢᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号