ᠣᠶᠢᠷ᠎ᠠ ᠳᠤ᠂ ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ 2025 ᠣᠨ ᠤ ᠳᠥᠷᠪᠡᠳᠦᠭᠡᠷ | ᠤᠳᠠᠭᠠᠨ ᠤ ᠨᠠᠮ ᠤᠨ ᠠᠵᠢᠯ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠵᠤ᠂ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ | ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ ᠯᠢᠶᠠᠩ ᠬᠠᠢ ᠳ᠋ᠦᠩ ᠬᠤᠷᠠᠯ ᠢ ᠡᠷᠬᠢᠯᠡᠪᠡ᠃ | ᠬᠤᠷᠠᠯ ᠠᠴᠠ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ | ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠡᠷᠡᠰ ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ | ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ | ᠪᠡᠶᠡᠯᠡᠭᠦᠯᠬᠦ ᠶᠢ ᠠᠬᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ | ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ | ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ | ᠬᠦᠳᠦᠯᠦᠨ ᠳᠠᠭᠠᠭᠤᠯᠬᠤ ᠵᠣᠬᠢᠴᠠᠭᠤᠯᠬᠤ ᠲᠣᠭᠲᠠᠴᠠ ᠶᠢᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ | ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠳᠡᠭᠡᠳᠦ ᠬᠡᠮᠵᠢᠶ᠎ᠡ ᠪᠠᠷ ᠰᠡᠷᠡᠮᠵᠢᠯᠡᠭᠦᠯᠵᠦ᠂ ᠴᠠᠭ | ᠲᠤᠬᠠᠢ ᠳᠤᠨᠢ ᠢᠯᠡᠷᠡᠭᠦᠯᠵᠦ᠂ ᠪᠦᠲᠦᠮᠵᠢᠲᠡᠢ ᠰᠢᠢᠳᠪᠦᠷᠢᠯᠡᠵᠦ᠂ ᠨᠡᠩ ᠥᠨᠳᠥᠷ ᠲᠦᠪᠰᠢᠨ ᠪᠦᠬᠦᠢ ᠠᠮᠤᠷ | ᠠᠮᠤᠭᠤᠯᠠᠩ ᠵᠡᠭᠡᠯᠢ ᠭᠤᠳᠤᠮᠵᠢ᠂ ᠬᠠᠤᠯᠢᠵᠢᠯ ᠤᠨ ᠵᠡᠭᠡᠯᠢ ᠭᠤᠳᠤᠮᠵᠢ ᠶᠢ ᠦᠷᠭᠦᠯᠵᠢᠯᠡᠨ ᠪᠠᠶᠢᠭᠤᠯᠬᠤ ᠬᠡᠷᠡᠭᠲᠡᠢ᠃ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢᠶᠠᠨ ᠴᠢᠩᠭᠠᠳᠬᠠᠵᠤ᠂ ᠠᠷᠢᠭᠤᠨ | ᠴᠢᠬᠡᠴᠢ ᠪᠠᠷ ᠪᠡᠶ᠎ᠡ ᠪᠠᠨ ᠱᠠᠭᠠᠷᠳᠠᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠰᠤᠷᠲᠠᠯ ᠴᠢᠬᠡᠴᠢ | ᠣᠪᠣᠷ ᠲᠥᠪ ᠠᠵᠢᠯ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠦᠨᠡᠨᠬᠦ ᠣᠳᠣᠬᠠᠨ ᠤ | ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ ᠡᠷᠲᠡ | ᠪᠣᠳᠠᠲᠠᠶᠢᠵᠢᠭᠤᠯᠵᠤ᠂ ᠤᠢ ᠰᠢᠭᠤᠢ ᠶᠢᠨ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢ ᠡᠷᠲᠡ ᠨᠠᠶᠢᠳᠠᠪᠤᠷᠢᠵᠢᠭᠤᠯᠵᠤ᠂ | ᠤᠬᠠᠭᠤᠯᠭ᠎ᠠ ᠬᠥᠮᠦᠵᠢᠯ ᠢ ᠡᠷᠲᠡ ᠲᠥᠯᠥᠪᠵᠢᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠡᠷᠲᠡ | ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠡᠷᠲᠡ ᠨᠠᠶᠢᠳᠠᠪᠤᠷᠢᠵᠢᠭᠤᠯᠵᠤ᠂ ᠤᠢ ᠰᠢᠭᠤᠢ ᠶᠢᠨ ᠭᠠᠯ | ᠰᠡᠷᠭᠡᠶᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠤᠢᠢᠯᠠᠭᠠᠭᠳᠠᠬᠤᠨ ᠢ ᠪᠠᠲᠤ ᠪᠤᠢ | ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ | ᠰᠠᠶᠢᠵᠢᠷᠠᠭᠤᠯᠬᠤ᠂ ︽ᠤᠨᠢᠨ ᠳᠡᠭᠡᠷ᠎ᠡ ᠨᠢ ᠳᠦᠷᠰᠦ ᠵᠢᠷᠤᠬᠤ︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ | ᠠᠵᠢᠯ ᠢ ᠭᠦᠨᠵᠡᠭᠡᠢ ᠥᠷᠨᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ︽ᠭᠤᠣᠯ ᠤᠨ ᠳᠠᠷᠤᠭ᠎ᠠ︾ ᠶᠢᠨ | ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠭᠤᠣᠯ ᠤᠨ ᠵᠠᠮ ᠤᠨ ︽ᠳᠥᠷᠪᠡᠨ ᠰᠠᠮᠠᠭᠤᠷᠠᠯ ᠢ | ᠠᠷᠢᠯᠭᠠᠬᠤ︾ ᠵᠡᠷᠭᠡ ᠵᠠᠩᠭᠢᠯᠠᠭ᠎ᠠ ᠶᠢᠨ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠮᠥᠷᠡᠨ ᠤ | ᠳᠠᠷᠤᠭ᠎ᠠ ᠶᠢᠨ ᠳᠦᠷᠢᠮ ᠳᠤ ᠲᠦᠰᠢᠭᠯᠡᠨ ᠭᠤᠣᠯ ᠮᠥᠷᠡᠨ ᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ | ᠪᠠᠶᠢᠴᠠᠭᠠᠵᠤ᠂ ᠠᠰᠠᠭᠤᠳᠠᠯ ᠢ ᠡᠷᠲᠡ ᠢᠯᠡᠷᠡᠭᠦᠯᠵᠦ᠂ ᠲᠦᠷᠭᠡᠨ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |