3 ᠰᠠᠷ᠎ᠠ ᠶᠢᠨ 19 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠢᠴᠢ ᠨᠡᠭᠦᠷᠡᠰᠦᠨ ᠤ ᠪᠤᠰᠤ ᠠᠭᠤᠷᠬᠠᠶ ᠶᠢ ᠡᠮᠬᠢᠯᠡᠨ ᠨᠡᠶᠢᠯᠡᠭᠦᠯᠬᠦ | ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ᠂ ᠯᠢᠦ ᠲᠢᠶᠠᠨ ᠴᠢᠩ | ᠣᠷᠣᠯᠴᠠᠪᠠ᠃ | ᠰᠢ ᠱᠦᠢ ᠱᠦᠢᠨᠢ᠂ ᠵᠢᠶᠦ᠋ᠨ ᠵᠧᠩ ᠠᠭᠤᠷᠬᠠᠢ ᠶᠢᠨ ᠦᠢᠯᠡᠰ᠂ ᠢ ᠬᠤᠸᠠ ᠠᠭᠤᠷᠬᠠᠢ ᠵᠡᠷᠭᠡ ᠠᠵᠤ | ᠠᠬᠤᠶᠢᠯᠠᠯ ᠳᠤ᠂ ᠯᠢᠦ ᠪᠦᠦ ᠴᠧᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠠᠵᠤ ᠠᠬᠤᠶᠢᠯᠠᠯ ᠢᠮᠠᠭᠲᠠ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠵᠠᠬ᠎ᠠ | ᠳᠡᠯᠭᠡᠭᠦᠷ ᠤᠨ ᠬᠡᠷᠡᠭᠴᠡᠭᠡ ᠲᠠᠢ ᠣᠨᠣᠪᠴᠢᠲᠠᠢ ᠵᠣᠯᠭᠠᠭᠤᠯᠵᠤ᠂ ᠴᠢᠨᠠᠭᠰᠢᠳᠠ ᠬᠡᠪᠴᠢᠶ᠎ᠡ ᠶᠢ ᠪᠤᠵᠠᠭᠠᠶᠢᠷᠠᠭᠤᠯᠵᠤ᠂ | ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠭᠤᠣᠯᠯᠠᠭᠴᠢ ᠦᠷᠢᠰᠦᠯᠳᠦᠬᠦ ᠬᠦᠴᠦᠨ ᠪᠣᠯᠤᠨ ᠵᠠᠬ᠎ᠠ | ᠳᠡᠯᠭᠡᠭᠦᠷ ᠢ ᠡᠵᠡᠯᠡᠬᠦ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠶᠢᠨᠠᠨ ᠲᠣᠭᠤᠷᠢᠭ ᠤᠨ ᠨᠢᠭᠡᠳᠦᠭᠡᠷ | ᠤᠯᠠᠷᠢᠯ ᠳᠤ ︽ᠰᠠᠶᠢᠨ ᠡᠬᠢᠯᠡᠯᠲᠡ ᠲᠠᠢ᠂ ᠯᠠᠪᠳᠠᠭᠤᠨ ᠡᠬᠢᠯᠡᠬᠦ︾ ᠳᠤ ᠲᠠᠬᠢᠨ ᠬᠤᠪᠢ ᠨᠡᠮᠡᠷᠢ ᠦᠵᠡᠭᠦᠯᠬᠦ ᠬᠡᠷᠡᠭᠲᠡᠢ | ᠭᠡᠵᠦ ᠬᠡᠯᠡᠪᠡ᠃ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠤᠢ ᠪᠣᠯᠭᠠᠵᠤ᠂ ᠠᠮᠤᠷ ᠲᠦᠪᠰᠢᠨ | ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠵᠤ | ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ | ᠪᠠᠲᠤᠯᠠᠬᠤ ᠬᠡᠷᠡᠭᠲᠡᠢ᠃ ᠯᠢᠦ ᠪᠦᠦ ᠴᠧᠩ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠬᠠᠶᠢᠨᠠᠨ ᠤ ᠬᠦᠵᠦᠭᠦᠪᠴᠢᠨ ᠰᠢᠯᠢ ᠴᠣᠬᠤᠶ ᠶᠢᠨ ᠠᠭᠤᠷᠬᠠᠶ ᠶᠢ ᠡᠮᠬᠢᠯᠡᠨ | ᠨᠡᠶᠢᠯᠡᠭᠦᠯᠬᠦ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠨᠡᠭᠦᠷᠡᠰᠦᠨ ᠤ ᠪᠤᠰᠤ ᠠᠭᠤᠷᠬᠠᠶ ᠶᠢ ᠡᠮᠬᠢᠯᠡᠨ ᠨᠡᠶᠢᠯᠡᠭᠦᠯᠬᠦ | ᠠᠵᠢᠯ ᠪᠣᠯ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠵᠠᠶᠢᠯᠠᠰᠢ ᠥᠬᠡᠶ ᠱᠠᠭᠠᠷᠳᠠᠯᠭ᠎ᠠ ᠮᠥᠨ᠂ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ | ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠵᠦᠶ ᠵᠣᠬᠢᠰᠲᠠᠶ | ᠨᠡᠭᠡᠭᠡᠨ ᠬᠥᠭᠵᠢᠭᠦᠯᠬᠦ᠂ ᠬᠡᠪᠴᠢᠶᠡᠵᠢᠭᠦᠯᠦᠨ ᠡᠷᠴᠢᠮᠵᠢᠭᠦᠯᠬᠦ᠂ ᠪᠣᠬᠢᠷᠲᠤᠯ ᠥᠬᠡᠶ ᠬᠥᠭᠵᠢᠭᠦᠯᠬᠦ᠂ ᠠᠶᠤᠯ ᠥᠬᠡᠶ | ᠦᠢᠯᠡᠳᠪᠦᠷᠢᠯᠡᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠭᠦᠷᠡᠰᠦᠨ ᠤ ᠪᠤᠰᠤ ᠠᠭᠤᠷᠬᠠᠶ ᠶᠢ ᠡᠮᠬᠢᠯᠡᠨ | ᠨᠡᠶᠢᠯᠡᠭᠦᠯᠬᠦ ᠠᠵᠢᠯ ᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ ᠨᠡᠭᠦᠷᠡᠰᠦᠨ ᠤ ᠪᠤᠰᠤ ᠠᠭᠤᠷᠬᠠᠶ ᠶᠢᠨ | ᠡᠬᠢ ᠪᠠᠶᠠᠯᠢᠭ ᠢ ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠬᠦ ᠬᠡᠷᠡᠭᠲᠡᠶ ᠭᠡᠵᠦ | ᠬᠡᠯᠡᠪᠡ᠃ |