ᠪᠠᠢ ᠴᠦᠨ ᠯᠸᠢ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/19
      3 ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠭᠤᠤᠯ ᠴᠠᠭᠳᠠᠬᠤ ᠠᠵᠢᠯ ᠥᠷᠨᠢᠭᠦᠯᠪᠡ᠃ ᠲᠣᠭᠤᠷᠢᠭ ᠤᠨ ᠤᠳᠤᠷᠢᠳᠤᠯᠭ᠎ᠠ ᠯᠢᠦ ᠲᠢᠶᠠᠨ ᠴᠢᠩ᠂ ᠶᠠᠩ ᠽᠧ ᠢᠦᠢ ᠣᠷᠣᠯᠴᠠᠪᠠ᠃      ᠪᠠᠢ ᠴᠦᠨ ᠯᠸᠢ ᠨᠠᠷ ᠤᠷᠢᠳ ᠬᠤᠵᠢᠳ ᠵᠧᠩ ᠸᠧᠢ ᠠᠭᠤᠷᠬᠠᠢ ᠶᠢᠨ ᠦᠢᠯᠡᠰ᠂ ᠯᠤᠤ ᠱᠢ ᠳ᠋ᠠᠨ ᠭᠸᠤ᠂ ᠴᠢᠤᠸᠠᠢ ᠡᠯ ᠭᠤᠤ᠂ ᠤᠯᠤᠰ ᠤᠨ ᠡᠨᠧᠷᠭᠢ ᠶᠢᠨ ᠭᠤᠷᠪᠠᠳᠤᠭᠠᠷ᠂ ᠳᠥᠷᠪᠡᠳᠦᠭᠡᠷ ᠮᠠᠯᠲᠠᠯᠲᠠ ᠶᠢᠨ ᠣᠷᠣᠨ ᠵᠢᠴᠢ ᠦᠵᠦᠬᠦᠷ ᠤᠨ ᠭᠤᠤ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠣᠯ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠪᠣᠯᠤᠨ᠎ᠠ᠂ ᠬᠠᠶᠢᠨᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠶᠡᠭᠡ ᠪᠤᠳᠤᠯᠭ᠎ᠠ ᠪᠣᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ ᠴᠢᠬᠤᠯᠠ ᠶᠡᠭᠡ ᠬᠥᠭᠵᠢᠯᠲᠡ ᠶᠢᠨ ᠠᠰᠠᠭᠤᠳᠠᠯ ᠪᠣᠯᠭᠠᠨ ᠠᠳᠬᠤᠵᠤ᠂ ᠴᠢᠨᠠᠷ ᠰᠠᠶᠢᠲᠠᠢ ᠬᠥᠭᠵᠢᠯᠲᠡ ᠳᠤ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠲᠦᠷᠦᠯ ᠵᠦᠢᠯ ᠵᠢᠴᠢ ᠭᠤᠣᠯ ᠤᠨ ᠵᠠᠮ ᠢ ᠵᠠᠰᠠᠬᠤ᠂ ᠭᠠᠯ ᠤᠨ ᠴᠡᠭ ᠢ ᠵᠠᠰᠠᠬᠤ ᠵᠡᠷᠭᠡ ᠠᠵᠢᠯ ᠢ ᠲᠦᠷᠭᠡᠨ ᠠᠬᠢᠭᠤᠯᠵᠤ᠂ ᠠᠰᠠᠭᠤᠳᠠᠯ ᠢ ᠲᠣᠭᠲᠠᠭᠰᠠᠨ ᠬᠤᠭᠤᠴᠠᠭᠠᠨ ᠳᠤ ᠨᠣᠮᠧᠷ ᠢ ᠨᠢ ᠬᠠᠰᠤᠬᠤ ᠶᠢ ᠪᠠᠲᠤᠯᠠᠬᠤ ᠬᠡᠷᠡᠭᠲᠡᠢ᠃ ᠠᠮᠢ ᠠᠬᠤᠶ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠬᠢ ᠡᠭᠦᠰᠦᠯ ᠢ ᠨᠢ ᠡᠷᠢᠵᠦ ᠴᠡᠭᠴᠡᠯᠡᠨ ᠵᠠᠰᠠᠬᠤ ᠶᠢ ᠴᠢᠩᠭᠠᠳᠬᠠᠨ᠂ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠵᠠᠰᠠᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠨ᠂ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠠᠵᠤ ᠠᠬᠤᠶ ᠶᠢᠨ ᠬᠥᠭᠵᠢᠯᠲᠡ ᠶᠢᠨ ᠬᠠᠮᠲᠤ ᠪᠠᠷ ᠠᠰᠢᠭ ᠭᠥᠷᠳᠡᠬᠦ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号