3 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ | ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | 2024 ᠣᠨ ᠤ ᠠᠵᠢᠯ ᠢ ᠳ᠋ᠦᠩᠨᠡᠵᠦ᠂ 2025 ᠣᠨ ᠤ ᠪᠥᠬᠦ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ | ᠡᠯ᠎ᠡ ᠵᠦᠶ᠋ᠯ ᠤᠨ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ | ᠱᠦᠵᠢ ᠯᠢᠦ ᠪᠦᠦ ᠴᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠬᠤᠷᠠᠯ ᠢ ᠡᠷᠭᠢᠯᠡᠵᠦ᠂ ᠲᠤᠭᠤᠷᠢᠭ ᠤᠨ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠤᠢ ᠪᠢᠨ᠂ ᠲᠤᠭᠤᠷᠢᠭ ᠤᠨ ᠨᠠᠮ ᠵᠠᠰᠠᠭ ᠤᠨ ᠤᠳᠤᠷᠢᠳᠬᠤ ᠪᠠᠭ ᠤᠨ | ᠪᠦᠷᠢᠯᠳᠦᠬᠦᠨ ᠵᠢᠴᠢ ᠲᠤᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ | ᠬᠤᠷᠠᠯ ᠳᠤ ᠣᠷᠣᠯᠴᠠᠵᠠᠶ᠃ | ᠯᠢᠦ ᠪᠦᠦ ᠴᠧᠩ ᠬᠡᠯᠡᠬᠦ ᠳᠡᠭᠡᠨ᠂ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠢᠯ ᠮᠥᠨ᠂ ᠪᠠᠰᠠ ᠴᠤ | ᠬᠤᠲᠠ ᠶᠢᠨ ᠨᠠᠮ ᠤᠨ ᠬᠤᠷᠢᠶ᠎ᠠ ᠠᠴᠠ ᠲᠣᠭᠲᠠᠭᠠᠭᠰᠠᠨ ᠪᠣᠭᠤᠮᠲᠠ ᠰᠢᠪᠲᠤᠯᠬᠤ ᠵᠢᠯ ᠮᠥᠨ᠃ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠨᠢ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ | ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠺᠠᠳ᠋ᠷ ᠤᠨ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠺᠠᠳ᠋ᠷ ᠤᠨ | ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠰᠠᠭᠤᠷᠢ ᠶᠢ ᠦᠷᠭᠦᠯᠵᠢᠯᠡᠨ | ᠬᠦᠴᠦᠯᠡᠨ ᠪᠠᠬᠢᠵᠢᠭᠦᠯᠵᠦ᠂ ᠴᠢᠳᠠᠪᠤᠷᠢᠲᠠᠨ ᠤ ᠠᠵᠢᠯ ᠢ ᠯᠠᠪᠳᠠᠭᠤᠨ ᠪᠠᠲᠤᠲᠠᠢ ᠬᠦᠴᠦᠲᠡᠢ ᠰᠠᠶᠢᠲᠤᠷ ᠬᠢᠵᠦ᠂ | ᠵᠣᠬᠢᠶᠠᠨ ᠪᠠᠶᠢᠭᠤᠯᠤᠯᠲᠠ ᠶᠢᠨ ᠱᠤᠭᠤᠮ ᠤᠨ ᠤᠯᠤᠰ ᠲᠦᠷᠦ ᠶᠢᠨ ᠱᠤᠭᠤᠮ ᠳᠤ ᠦᠢᠯᠡᠴᠢᠯᠡᠬᠦ ᠶᠠᠰᠤ ᠴᠢᠨᠠᠷ ᠤᠨ | ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠶᠢᠨ ᠰᠢᠰᠲ᠋ᠧᠮ ᠨᠢ ᠰᠡᠳᠬᠢᠯ ᠢ ᠨᠢᠭᠲᠠᠷᠠᠭᠤᠯᠤᠨ | ᠰᠦᠭ ᠰᠦᠨᠡᠰᠦ ᠶᠢ ᠲᠥᠪᠯᠡᠷᠡᠭᠦᠯᠬᠦ ᠶᠢ ᠪᠠᠷᠢᠮᠲᠠᠯᠠᠵᠤ᠂ ᠤᠨᠤᠯ ᠢᠶᠠᠷ ᠵᠡᠪᠰᠡᠭᠯᠡᠬᠦ ᠶᠢ ᠪᠣᠳᠠᠲᠠᠢ ᠠᠳᠬᠤᠵᠤ᠂ | ᠤᠬᠠᠭᠤᠯᠵᠤ ᠬᠦᠳᠦᠯᠦᠨ ᠵᠢᠯᠣᠭᠤᠳᠬᠤ ᠶᠢ ᠰᠢᠯᠢᠳᠡᠭᠵᠢᠭᠦᠯᠵᠦ᠂ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠭᠤᠣᠯ ᠬᠦᠭ ᠠᠶᠠᠰ ᠢ ᠬᠦᠴᠦᠯᠡᠨ | ᠴᠤᠤᠷᠢᠶᠠᠲᠤᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠰᠢᠰᠲ᠋ᠧᠮ ᠬᠠᠮᠤᠭ ᠤᠨ ᠥᠷᠭᠡᠨ ᠳᠡᠯᠭᠡᠷ ᠤᠯᠤᠰ ᠢᠶᠠᠨ | ᠬᠠᠶᠢᠷᠠᠯᠠᠬᠤ ᠨᠢᠭᠡᠳᠦᠮᠡᠯ ᠹᠷᠣᠨᠲ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠬᠠᠮᠲᠤ ᠶᠢᠨ ᠲᠠᠨᠢᠯᠲᠠ ᠶᠢ | ᠥᠷᠭᠡᠨ ᠢᠶᠠᠷ ᠨᠢᠭᠲᠠᠷᠠᠭᠤᠯᠵᠤ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠪᠣᠳᠠᠲᠠᠶᠢᠵᠢᠭᠤᠯᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠨᠢᠭᠡᠳᠦᠮᠡᠯ ᠹᠷᠣᠨᠲ ᠤᠨ | ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠦᠢᠯᠡᠳᠦᠯ ᠢ ᠨᠡᠩ ᠰᠠᠶᠢᠲᠤᠷ | ᠪᠠᠳᠠᠷᠠᠭᠤᠯᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠤᠯᠤᠰ ᠲᠦᠷᠦ ᠬᠠᠤᠯᠢ | ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ | ᠲᠣᠭᠲᠠᠭᠤᠨ ᠢ ᠡᠷᠡᠰ ᠬᠠᠮᠠᠭᠠᠯᠠᠵᠤ᠂ ᠠᠮᠤᠷ ᠠᠮᠤᠭᠤᠯᠠᠩ ᠬᠠᠶᠢᠨᠠᠨ ᠤ ᠪᠦᠳᠦᠭᠡᠨ ᠪᠠᠶᠢᠭᠤᠯᠤᠯᠲᠠ ᠶᠢ ᠭᠦᠨᠵᠡᠭᠡᠢ | ᠠᠬᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠦᠷ᠎ᠡ ᠠᠰᠢᠭ ᠢ ᠨᠡᠮᠡᠭᠳᠡᠭᠦᠯᠬᠦ ᠳᠤ ᠦᠷᠭᠦᠯᠵᠢᠯᠡᠨ | ᠬᠦᠴᠦᠨ ᠴᠢᠳᠠᠯ ᠣᠯᠭᠤᠵᠤ᠂ ᠰᠢᠨ᠎ᠡ ᠴᠠᠭ ᠦᠶ᠎ᠡ ᠶᠢᠨ ᠬᠠᠶᠢᠨᠠᠨ ᠲᠣᠭᠤᠷᠢᠭ ᠤᠨ ᠤᠯᠤᠰ ᠲᠦᠷᠦ ᠬᠠᠤᠯᠢ | ᠴᠠᠭᠠᠵᠠ ᠶᠢᠨ ᠦᠢᠯᠡᠰ ᠤᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠬᠦ ᠬᠡᠷᠡᠭᠲᠡᠢ ᠭᠡᠵᠡᠢ᠃ |