ᠪᠠᠶ ᠴᠦᠨ ᠯᠸᠢ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/20
      3 ᠳ᠋ᠤᠭᠠᠷ ᠰᠠᠷ᠎ᠠ ᠶᠢᠨ 19 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠶ ᠴᠦᠨ ᠯᠸᠢ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠢ ᠰᠢ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠡᠭᠦᠷᠡᠰᠦ ᠶᠢ ᠭᠦᠨᠵᠡᠭᠡᠶ ᠡᠳ᠋ᠰᠢᠭᠦᠯᠦᠨ ᠶᠡᠷᠦᠩᠬᠡᠶᠢᠯᠡᠨ ᠠᠰᠢᠭᠯᠠᠬᠤ ᠲᠥᠷᠥᠯ ᠵᠦᠶ᠋ᠯ᠂ ᠬᠦᠬᠤᠰᠣ ᠪᠣᠬᠢᠷᠲᠤᠯ ᠥᠬᠡᠶ ᠣᠶᠤᠨᠴᠢ ᠨᠡᠭᠦᠷᠡᠰᠦ ᠶᠢ ᠤᠬᠢᠶᠠᠨ ᠰᠣᠩᠭᠤᠵᠤ ᠢᠵᠢ ᠪᠥᠷᠢᠳᠦᠭᠦᠯᠬᠦ 600 ᠲᠦᠮᠡᠨ ᠲᠣᠨ ᠨᠡᠭᠦᠷᠡᠰᠦ ᠰᠣᠩᠭᠤᠬᠤ ᠲᠥᠷᠥᠯ ᠵᠦᠶ᠋ᠯ ᠤᠨ ᠲᠤᠬᠠᠶ ᠶᠢᠨ ᠲᠠᠯᠠᠪᠠᠶ ᠳᠤ᠂ ᠪᠠᠶ ᠴᠦᠨ ᠯᠸᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠭᠤᠤᠯᠳᠠᠯᠭ᠎ᠠ ᠲᠠᠢ ᠲᠥᠷᠥᠯ ᠵᠦᠶ᠋ᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠭᠤᠣᠯᠳᠠᠯᠭ᠎ᠠ ᠲᠠᠢ ᠲᠦᠷᠦᠯ ᠵᠦᠢᠯ ᠪᠣᠯ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠤᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠵᠢᠯ ᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠠᠶᠢᠳᠠᠪᠤᠷᠢᠵᠢᠭᠤᠯᠬᠤ ᠲᠦᠷᠦᠯ ᠵᠦᠢᠯ ᠢ ᠴᠢᠩᠭ᠎ᠠ ᠠᠩᠬᠠᠷᠴᠤ ᠠᠵᠢᠯ ᠡᠬᠢᠯᠡᠭᠦᠯᠬᠦ ᠶᠢ ᠠᠳᠬᠤᠵᠤ᠂ ᠠᠵᠢᠯ ᠡᠬᠢᠯᠡᠭᠦᠯᠬᠦ ᠲᠦᠷᠦᠯ ᠵᠦᠢᠯ ᠢ ᠠᠬᠢᠴᠠ ᠶᠢ ᠠᠳᠬᠤᠵᠤ᠂ ᠪᠠᠶᠢᠭᠤᠯᠤᠭᠰᠠᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠳᠬᠤᠵᠤ᠂ ᠠᠰᠢᠭᠯᠠᠯᠲᠠ ᠳᠤ ᠣᠷᠣᠭᠤᠯᠤᠭᠰᠠᠨ ᠲᠦᠷᠦᠯ ᠵᠦᠢᠯ ᠢ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠨᠡᠩ ᠤᠯᠠᠨ ᠪᠣᠳᠠᠲᠤ ᠠᠵᠢᠯ ᠤᠨ ᠬᠡᠮᠵᠢᠶ᠎ᠡ ᠶᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ ᠪᠥᠬᠦ ᠶᠠᠪᠤᠴᠠ ᠳᠤ ᠳᠠᠭᠠᠵᠤ᠂ ᠪᠥᠬᠦ ᠶᠠᠪᠤᠴᠠ ᠶᠢᠨ ᠪᠠᠲᠤᠯᠠᠭ᠎ᠠ᠂ ᠪᠥᠬᠦ ᠲᠠᠯ᠎ᠠ ᠶᠢᠨ ᠦᠢᠯᠡᠴᠢᠯᠡᠭᠡ ᠶᠢ ᠪᠠᠲᠤᠯᠠᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠶᠢ ᠲᠦᠷᠭᠡᠳᠬᠡᠨ ᠠᠬᠢᠭᠤᠯᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠭᠤᠤᠯᠳᠠᠯᠭ᠎ᠠ ᠲᠠᠢ ᠲᠥᠷᠥᠯ ᠵᠦᠢᠯ ᠢ ᠡᠷᠲᠡ ᠳᠠᠭᠤᠰᠬᠠᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠤᠳ ᠠᠮᠤᠷ ᠲᠦᠪᠰᠢᠨ ᠪᠠ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠨ ᠠᠳᠬᠤᠵᠤ᠂ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠦᠨ᠂ ᠬᠥᠮᠦᠨ ᠤ ᠬᠦᠴᠦᠨ ᠲᠥᠬᠦᠭᠡᠷᠦᠮᠵᠢ ᠶᠢ ᠭᠦᠢᠴᠡᠳ ᠭᠠᠷᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠢ ᠰᠣᠳᠣᠨ ᠪᠠᠷᠢᠯᠭ᠎ᠠ᠂ ᠴᠢᠨᠠᠷ ᠰᠠᠶᠢᠲᠠᠢ ᠢᠨᠵᠧᠨᠧᠷᠢᠩ᠂ ᠠᠮᠤᠷ ᠲᠦᠪᠰᠢᠨ ᠢᠨᠵᠧᠨᠧᠷᠢᠩ ᠪᠣᠯᠭᠠᠨ ᠪᠦᠳᠦᠭᠡᠨ ᠪᠠᠶᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号