3 ᠰᠠᠷ᠎ᠠ ᠶᠢᠨ 19 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠡᠩ ᠤᠨ | ᠨᠠᠮ ᠤᠨ ᠭᠡᠰᠢᠭᠦᠨ ᠤ ᠬᠤᠪᠢ ᠪᠠᠷ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠤᠨ | 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ ᠭᠡᠰᠢᠭᠦᠨ ᠢ | ᠠᠷᠠᠳᠴᠢᠯᠠᠯ ᠢᠶᠠᠷ ᠦᠨᠡᠯᠡᠬᠦ ᠶᠡᠭᠡ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠨᠠᠮ ᠤᠨ ᠡᠭᠦᠷ ᠤᠨ ᠬᠠᠷᠢᠭᠤᠴᠠᠯᠭᠠᠲᠠᠨ ᠨᠥᠬᠦᠳ ᠨᠠᠮ ᠤᠨ ᠡᠭᠦᠷ ᠤᠨ ᠠᠵᠢᠯ ᠤᠨ | ᠪᠠᠶᠢᠳᠠᠯ ᠵᠢᠴᠢ ᠨᠠᠮ ᠤᠨ ᠡᠭᠦᠷ ᠤᠨ ᠭᠡᠰᠢᠭᠦᠳ ᠤᠨ ᠬᠤᠷᠠᠯ ᠤᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠤᠨ | ᠪᠠᠶᠢᠳᠠᠯ ᠢ ᠮᠡᠳᠡᠭᠳᠡᠪᠡ᠃ ᠨᠠᠮ ᠤᠨ ᠡᠭᠦᠷ ᠤᠨ ᠨᠠᠮ ᠤᠨ ᠭᠡᠰᠢᠭᠦᠨ ᠲᠡᠰ ᠳᠠᠷᠠᠭᠠᠯᠠᠨ ᠬᠤᠪᠢ ᠬᠥᠮᠦᠨ ᠤ | ᠬᠠᠷᠢᠴᠠᠭᠤᠯᠤᠭᠰᠠᠨ ᠪᠠᠶᠢᠴᠠᠭᠠᠯᠲᠠ ᠬᠢᠵᠦ᠂ ᠬᠠᠷᠢᠯᠴᠠᠨ ᠰᠢᠭᠦᠮᠵᠢᠯᠡᠯ ᠬᠢᠭᠰᠡᠨ ᠪᠥᠭᠡᠳ ᠲᠤᠬᠠᠢ ᠶᠢᠨ ᠲᠠᠯᠠᠪᠠᠢ ᠳᠤ | ᠨᠠᠮ ᠤᠨ ᠭᠡᠰᠢᠭᠦᠨ ᠤ ᠠᠷᠠᠳᠴᠢᠯᠠᠯ ᠢᠶᠠᠷ ᠦᠨᠡᠯᠡᠯᠲᠡ ᠬᠢᠪᠡ᠃ | ᠯᠢᠦ ᠪᠦᠦ ᠴᠧᠩ᠂ ᠤᠯᠠᠨ ᠢᠶᠠᠷ ᠢᠶᠠᠨ ᠠᠰᠠᠭᠤᠳᠠᠯ ᠢ ᠪᠠᠶᠢᠴᠠᠭᠠᠨ ᠳᠡᠯᠭᠡᠵᠦ᠂ ᠰᠢᠯᠲᠠᠭᠠᠨ ᠢ ᠵᠠᠳᠠᠯᠵᠤ᠂ | ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠵᠦ᠂ ᠴᠡᠭᠴᠡᠯᠡᠨ ᠰᠠᠶᠢᠵᠢᠷᠠᠭᠤᠯᠬᠤ ᠴᠢᠭᠯᠡᠯ ᠢᠶᠠᠨ ᠲᠣᠳᠣᠷᠬᠠᠶᠢᠯᠠᠵᠤ᠂ | ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠱᠢᠭᠰᠡᠨ ᠬᠠᠷᠠᠯᠲᠠ ᠳᠠᠭᠠᠨ ᠬᠦᠷᠴᠡᠢ᠃ ᠤᠯᠤᠰ | ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ | ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠨᠤᠯ ᠢᠶᠠᠷ ᠵᠡᠪᠰᠡᠭᠯᠡᠬᠦ ᠶᠢ | ᠦᠷᠭᠦᠯᠵᠢᠯᠡᠨ ᠴᠢᠩᠭᠠᠳᠬᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ᠂ ᠤᠯᠤᠰ ᠲᠦᠷᠦ᠂ ᠦᠢᠯᠡ | ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ | ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ | ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ | ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠬᠦ | ᠬᠡᠷᠡᠭᠲᠡᠢ᠃ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠳᠠᠪᠤᠷᠢ ᠪᠠᠨ | ᠨᠡᠮᠡᠭᠳᠡᠭᠦᠯᠵᠦ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠠᠵᠤ ᠠᠬᠤᠶ ᠶᠢᠨ ᠪᠠᠶᠢᠳᠠᠯ᠂ ᠨᠡᠶᠢᠭᠡᠮ ᠤᠨ | ᠬᠠᠯᠠᠮᠰᠢᠯ ᠴᠡᠭ ᠵᠡᠷᠭᠡ ᠲᠠᠯ᠎ᠠ ᠪᠠᠷ ᠬᠢ ᠰᠤᠷᠤᠯᠴᠠᠯᠭ᠎ᠠ ᠰᠤᠳᠤᠯᠭᠠᠨ ᠢ ᠴᠢᠩᠭᠠᠳᠬᠠᠵᠤ᠂ ᠦᠰᠦᠭ ᠪᠢᠴᠢᠭ ᠤᠨ | ᠶᠡᠷᠦᠩᠬᠡᠶᠢᠯᠡᠭᠰᠡᠨ ᠴᠢᠳᠠᠪᠤᠷᠢ᠂ ᠲᠦᠷᠦ ᠶᠢᠨ ᠪᠣᠳᠣᠯᠭ᠎ᠠ ᠶᠢ ᠡᠵᠡᠮᠳᠡᠬᠦ ᠴᠢᠳᠠᠪᠤᠷᠢ᠂ ᠶᠡᠷᠦᠩᠬᠡᠶᠢᠯᠡᠨ ᠵᠠᠳᠠᠯᠬᠤ | ᠴᠢᠳᠠᠪᠤᠷᠢ ᠪᠠ ᠵᠣᠬᠢᠴᠠᠭᠤᠯᠤᠨ ᠦᠢᠯᠡᠴᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ︽ᠭᠤᠷᠪᠠ ᠳᠤ ᠦᠢᠯᠡᠴᠢᠯᠡᠬᠦ︾ ᠠᠵᠢᠯ ᠤᠨ ᠮᠡᠷᠭᠡᠵᠢᠯᠲᠡᠨ ᠪᠣᠯᠬᠤ ᠪᠠᠷ ᠴᠢᠷᠮᠠᠶᠢᠵᠤ᠂ ᠲᠤᠭᠤᠷᠢᠭ ᠤᠨ ᠨᠠᠮ ᠤᠨ | ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠥᠨᠳᠥᠷ ᠪᠦᠲᠦᠮᠵᠢᠲᠡᠶ ᠪᠠᠷ | ᠠᠵᠢᠯᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ᠰᠢᠯᠢᠳᠡᠭ ᠰᠤᠷᠲᠠᠯ ᠢ ᠪᠠᠳᠠᠷᠠᠭᠤᠯᠵᠤ᠂ ᠰᠠᠶᠢᠨ | ᠰᠠᠶᠢᠬᠠᠨ ᠲᠦᠷᠢ ᠲᠥᠷᠬᠦ ᠶᠢ ᠪᠤᠢ ᠪᠣᠯᠭᠠᠵᠤ᠂ ᠬᠡᠬᠦᠳᠡᠭ ᠳᠦᠭᠦᠷᠡᠩ ᠠᠵᠢᠯ ᠬᠢᠵᠦ ᠦᠢᠯᠡᠰ ᠪᠤᠰᠬᠠᠬᠤ ᠬᠠᠯᠠᠭᠤᠨ | ᠰᠡᠳᠬᠢᠯᠭᠡ ᠶᠢ ᠪᠤᠢ ᠪᠣᠯᠭᠠᠵᠤ᠂ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠷᠠᠮ ᠦᠭᠡᠢ | ᠵᠣᠷᠢᠭᠤᠯᠬᠤ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠥᠨᠳᠥᠷ ᠪᠦᠲᠦᠮᠵᠢᠲᠡᠢ ᠤᠬᠠᠮᠰᠠᠷ᠂ ᠤᠯᠠᠨ ᠲᠦᠮᠡᠨ ᠤ | ᠤᠬᠠᠮᠰᠠᠷ᠂ ᠪᠦᠯᠬᠦᠮᠳᠡᠯ ᠤᠨ ᠤᠬᠠᠮᠰᠠᠷ᠂ ᠠᠷᠢᠭᠤᠨ ᠴᠢᠬᠡᠴᠢ ᠶᠢᠨ ᠤᠬᠠᠮᠰᠠᠷ ᠢ ᠴᠢᠩᠭᠠᠳᠬᠠᠵᠤ᠂ ᠡᠨᠡ ᠵᠢᠯ ᠤᠨ | ᠲᠣᠭᠲᠠᠭᠠᠭᠰᠠᠨ ᠠᠷᠪᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ︽ᠳᠠᠷᠦ᠋ᠢᠬᠠᠨ ᠭᠦᠢᠴᠡᠳᠬᠡᠬᠦ︾ ᠬᠤᠷᠳᠤᠴᠠ᠂ ︽ᠦᠨᠡᠨᠬᠦ ᠠᠳᠬᠤᠨ ᠪᠣᠳᠠᠲᠠᠢ ᠠᠵᠢᠯᠯᠠᠬᠤ︾ | ᠡᠷᠴᠢᠮ ᠢᠶᠠᠷ ᠠᠵᠢᠯ ᠨᠢᠭᠡᠪᠦᠷᠢ ᠳᠤ ᠬᠠᠨᠳᠤᠵᠤ᠂ ᠡᠭᠦᠷᠭᠡ ᠨᠢᠭᠡᠪᠦᠷᠢ ᠶᠢ ᠪᠡᠶᠡᠯᠡᠭᠦᠯᠬᠦ ᠶᠢᠨ ᠬᠠᠮᠲᠤ ᠲᠦᠷᠢᠮ | ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠬᠤᠷᠢᠭ᠎ᠠ ᠱᠤᠭᠤᠮ ᠤᠨ ᠱᠠᠭᠠᠷᠳᠠᠯᠭ᠎ᠠ ᠪᠣᠯᠭᠠᠵᠤ᠂ | ᠤᠬᠠᠮᠰᠠᠷ ᠠᠴᠠ ᠪᠠᠨ ᠥᠪᠡᠷ ᠢ ᠪᠠᠨ ᠬᠢᠵᠦ᠂ ᠴᠥᠬᠦᠷᠡᠰᠢ ᠦᠭᠡᠢ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ | ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠰᠠᠶᠢᠨ ᠰᠠᠶᠢᠬᠠᠨ ᠲᠦᠷᠢ ᠲᠥᠷᠬᠦ ᠶᠢ ᠬᠠᠮᠠᠭᠠᠯᠠᠬᠤ | ᠬᠡᠷᠡᠭᠲᠡᠢ᠃ |