3 ᠰᠠᠷ᠎ᠠ ᠶᠢᠨ 19 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠲᠣᠭᠤᠷᠢᠭ ᠤᠨ ᠳᠠᠷᠤᠭ᠎ᠠ ᠪᠠᠢ ᠴᠦᠨ ᠯᠸᠢ ᠡᠩ ᠤᠨ ᠨᠠᠮ ᠤᠨ ᠭᠡᠰᠢᠭᠦᠨ ᠤ ᠬᠤᠪᠢ ᠪᠠᠷ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠡᠭᠦᠷ ᠤᠨ 2024 ᠣᠨ ᠤ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠢᠴᠢ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ ᠬᠤᠷᠠᠯ ᠳᠤ | ᠣᠷᠣᠯᠴᠠᠪᠠ᠃ | ᠬᠤᠷᠠᠯ ᠳᠡᠭᠡᠷ᠎ᠡ᠂ 2024 ᠣᠨ ᠤ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠡᠭᠦᠷ ᠤᠨ | ᠵᠥᠪᠯᠡᠯ ᠤᠨ ᠠᠵᠢᠯ ᠥᠷᠨᠢᠭᠦᠯᠦᠭᠰᠡᠨ ᠪᠠᠶᠢᠳᠠᠯ᠂ ᠨᠠᠮ ᠤᠨ ᠡᠭᠦᠷ ᠤᠨ ᠭᠡᠰᠢᠭᠦᠳ ᠤᠨ ᠵᠥᠪᠯᠡᠯ ᠤᠨ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠨᠠᠮ ᠤᠨ ᠡᠭᠦᠷ ᠤᠨ ᠨᠠᠮ ᠤᠨ ᠭᠡᠰᠢᠭᠦᠨ ᠲᠠᠰ | ᠳᠠᠷᠠᠭᠠᠯᠠᠨ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠵᠤ᠂ ᠬᠠᠷᠢᠯᠴᠠᠨ ᠰᠢᠭᠦᠮᠵᠢᠯᠡᠯ ᠬᠢᠭᠰᠡᠨ ᠪᠥᠭᠡᠳ | ᠲᠤᠬᠠᠶ ᠶᠢᠨ ᠲᠠᠯᠠᠪᠤᠷ ᠲᠤ ᠨᠠᠮ ᠤᠨ ᠭᠡᠰᠢᠭᠦᠨ ᠤ ᠠᠷᠠᠳᠴᠢᠯᠠᠯ ᠢᠶᠠᠷ ᠦᠨᠡᠯᠡᠯᠲᠡ ᠬᠢᠪᠠ᠃ | ᠪᠠᠢ ᠴᠦᠨ ᠯᠸᠢ᠂ ᠡᠨᠡ ᠤᠳᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ | ᠪᠡᠯᠡᠳᠬᠡᠯ ᠭᠦᠢᠴᠡᠳ᠂ ᠨᠠᠮ ᠤᠨ ᠭᠡᠰᠢᠭᠦᠨ ᠺᠠᠳ᠋ᠷᠴᠤᠳ ᠤᠨ ᠣᠪᠣᠷ ᠮᠠᠰᠢ ᠨᠠᠷᠢᠨ ᠬᠢᠨᠠᠮᠠᠭᠠᠢ᠂ ᠤᠯᠠᠨ ᠢᠶᠠᠷ ᠢᠶᠠᠨ | ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠣᠰᠣᠭᠠᠷ ᠤᠯᠠᠮ ᠴᠢᠨᠠᠭᠰᠢᠳᠠ ᠴᠢᠷᠮᠠᠶᠢᠵᠤ᠂ | ᠠᠵᠢᠯ ᠢᠶᠠᠨ ᠲᠠᠰᠤᠷᠠᠯᠲᠠ ᠦᠭᠡᠢ ᠨᠡᠮᠡᠭᠳᠡᠭᠦᠯᠬᠦ᠂ ᠠᠵᠢᠯ ᠢᠶᠠᠨ ᠰᠠᠶᠢᠵᠢᠷᠠᠭᠤᠯᠬᠤ ᠵᠣᠷᠢᠯᠭ᠎ᠠ ᠳᠠᠭᠠᠨ ᠦᠨᠡᠨᠬᠦ | ᠬᠦᠷᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ | ᠲᠠᠯ᠎ᠠ ᠪᠠᠷ ᠬᠡᠪ ᠳᠠᠭᠤᠷᠢᠶᠠᠯ ᠪᠤᠯᠵᠤ᠂ ᠤᠯᠤᠰ ᠲᠦᠷᠦ ᠶᠢᠨ ᠵᠣᠭᠰᠣᠯᠲᠠ ᠪᠠᠨ ᠤᠯᠠᠮ ᠴᠢᠨᠠᠭᠰᠢᠳᠠ ᠪᠠᠲᠤᠳᠬᠠᠵᠤ᠂ | ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠶᠢ ᠴᠢᠩᠭ᠎ᠠ | ᠰᠠᠬᠢᠵᠤ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠬᠥᠭᠵᠢᠯᠲᠡ ᠶᠢ | ᠠᠬᠢᠭᠤᠯᠬᠤ ᠬᠦᠴᠦᠨ ᠲᠠᠢ ᠠᠷᠭ᠎ᠠ ᠪᠣᠳᠣᠯᠭ᠎ᠠ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠦᠴᠦᠲᠡᠢ | ᠠᠬᠢᠭᠤᠯᠤᠭᠴᠢ᠂ ᠬᠦᠴᠢᠷ ᠠᠰᠠᠭᠤᠳᠠᠯ ᠢ ᠰᠢᠢᠳᠪᠦᠷᠢᠯᠡᠬᠦ ᠬᠦᠴᠦᠲᠡᠢ ᠬᠠᠪᠰᠤᠷᠤᠭᠴᠢ ᠪᠣᠯᠬᠤ ᠪᠠᠷ ᠴᠢᠷᠮᠠᠶᠢᠬᠤ | ᠬᠡᠷᠡᠭᠲᠡᠢ᠃ ᠰᠢᠮᠳᠠᠨ ᠰᠤᠷᠤᠯᠴᠠᠵᠤ ᠴᠢᠳᠠᠮᠠᠭᠠᠶ ᠪᠠᠷ ᠰᠡᠳᠬᠢᠬᠦ ᠴᠢᠳᠠᠪᠤᠷᠢ ᠪᠠᠨ ᠴᠢᠩᠭᠠᠳᠬᠠᠬᠤ ᠲᠠᠯ᠎ᠠ ᠪᠠᠷ ᠬᠡᠪ | ᠳᠠᠭᠤᠷᠢᠶᠠᠯ ᠪᠣᠯᠵᠣ᠂ ᠠᠵᠢᠯ ᠤᠨ ᠳᠤᠮᠳᠠ ᠪᠠᠨ ᠰᠤᠷᠤᠯᠴᠠᠬᠤ᠂ ᠰᠡᠳᠬᠢᠬᠦ ᠳᠤᠮᠳᠠ ᠪᠠᠨ ᠰᠤᠷᠤᠯᠴᠠᠬᠤ᠂ | ᠦᠢᠯᠡᠳᠦᠯᠭᠡ ᠶᠢᠨ ᠳᠤᠮᠳᠠ ᠰᠤᠷᠤᠯᠴᠠᠬᠤ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠰᠤᠷᠴᠤ ᠬᠡᠷᠡᠭᠯᠡᠬᠦ ᠶᠢ | ᠤᠶᠠᠯᠳᠤᠭᠤᠯᠬᠤ ᠳᠤᠮᠳᠠ ︽ᠨᠠᠢᠮᠠᠨ ᠵᠦᠢᠯ ᠤᠨ ᠴᠢᠳᠠᠪᠤᠷᠢ︾ ᠪᠠᠨ ᠲᠠᠰᠤᠷᠠᠯᠲᠠ ᠥᠬᠡᠶ ᠴᠢᠩᠭᠠᠳᠬᠠᠨ᠂ | ︽ᠲᠤᠯᠤᠭᠠᠨ ᠵᠦᠢᠯ ᠤᠨ ᠴᠢᠳᠠᠪᠤᠷᠢ︾ ᠪᠠᠨ ᠳᠡᠭᠡᠭᠰᠢᠯᠡᠭᠦᠯᠵᠦ᠂ ᠦᠨᠡᠨ ᠬᠦ ᠦᠭᠡ ᠬᠡᠯᠡᠵᠦ ᠴᠢᠳᠠᠬᠤ᠂ ᠪᠢᠷ ᠪᠠᠷᠢᠵᠤ | ᠪᠢᠴᠢᠭᠯᠡᠬᠦ᠂ ᠨᠢᠷᠤᠭᠤ ᠪᠦᠬᠦ᠋ᠢᠨ ᠬᠢᠬᠦ᠂ ᠤᠴᠢᠷ ᠶᠠᠪᠤᠳᠠᠯ ᠲᠣᠬᠢᠶᠠᠯᠳᠤᠪᠠᠯ ᠪᠣᠳᠣᠯᠬᠢᠯᠠᠬᠤ ᠬᠡᠷᠡᠭᠲᠡᠶ᠃ ᠶᠡᠭᠡ | ᠲᠠᠯ᠎ᠠ ᠳᠤ ᠦᠢᠯᠡᠴᠢᠯᠡᠬᠦ ᠳᠡᠭᠡᠨ ᠴᠢᠳᠠᠮᠠᠭᠠᠢ ᠪᠠᠷ ᠠᠵᠢᠯ ᠬᠢᠬᠦ ᠲᠠᠯ᠎ᠠ ᠪᠠᠷ ᠬᠡᠪ ᠳᠠᠭᠤᠷᠢᠶᠠᠯ ᠪᠤᠯᠵᠤ᠂ ᠪᠦᠬᠦ | ᠲᠤᠭᠤᠷᠢᠭ ᠤᠨ ᠬᠥᠭᠵᠢᠯᠲᠡ ᠶᠢᠨ ᠬᠠᠷᠠᠯᠲᠠ ᠳᠤ ᠴᠢᠩᠭ᠎ᠠ ᠠᠩᠬᠠᠷᠤᠯ ᠢᠶᠠᠨ ᠲᠥᠪᠯᠡᠷᠡᠭᠦᠯᠵᠦ᠂ ︽ᠴᠡᠷᠢᠭ ᠤᠨ | ᠪᠠᠶᠢᠷᠢᠨ ᠳᠠᠭᠠᠨ ᠪᠠᠶᠢᠬᠤ᠂ ᠬᠡᠬᠦᠳᠡᠭ ᠴᠡᠭᠡᠵᠢᠨ ᠳᠡᠭᠡᠨ ᠮᠠᠩᠯᠠᠶᠢᠯᠠᠬᠤ︾ ᠤᠬᠠᠮᠰᠠᠷ ᠢᠶᠠᠨ ᠴᠢᠩᠭᠠᠳᠬᠠᠵᠤ᠂ | ᠵᠥᠪᠯᠬᠦ ᠳᠡᠭᠡᠨ ᠵᠠᠮ ᠲᠠᠢ᠂ ᠵᠣᠬᠢᠴᠠᠩᠭᠤᠢ ᠪᠠᠷ ᠠᠷᠭ᠎ᠠ ᠲᠠᠢ ᠪᠠᠶᠢᠬᠤ᠂ ᠱᠠᠯᠠᠪᠳᠠᠭᠤᠯᠤᠨ ᠪᠠᠶᠢᠴᠠᠭᠠᠬᠤ ᠳᠤ | ᠪᠦᠲᠦᠮᠵᠢᠲᠡᠢ ᠪᠠᠶᠢᠬᠤ᠂ ᠪᠠᠲᠤᠯᠠᠭ᠎ᠠ ᠶᠢ ᠬᠦᠴᠦᠲᠡᠢ ᠪᠠᠶᠢᠯᠭᠠᠬᠤ ᠶᠢ ᠦᠨᠡᠨᠬᠦ ᠪᠡᠶᠡᠯᠡᠭᠦᠯᠵᠦ᠂ ︽ᠭᠤᠷᠪᠠ ᠶᠢ | ᠭᠦᠢᠴᠡᠳᠬᠡᠬᠦ︾ ︽ᠭᠤᠷᠪᠠᠨ ᠦᠢᠯᠡᠴᠢᠯᠡᠭᠡ︾ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠲᠠᠯ᠎ᠠ ᠪᠠᠷ | ᠬᠡᠪ ᠳᠠᠭᠤᠷᠢᠶᠠᠯ ᠪᠤᠯᠵᠤ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ | ᠵᠣᠭᠰᠣᠴᠠ ᠠᠴᠠ᠂ ᠠᠰᠠᠭᠤᠳᠠᠯ ᠢ ᠢᠯᠡᠭᠦᠬᠡᠨ ᠠᠵᠢᠭᠯᠠᠵᠤ᠂ ᠠᠰᠠᠭᠤᠳᠠᠯ ᠢ ᠢᠯᠡᠭᠦᠬᠡᠨ ᠪᠣᠳᠣᠯᠬᠢᠯᠠᠵᠤ᠂ | ᠵᠣᠷᠢᠭᠲᠠᠢ ᠪᠠᠷ ᠵᠠᠮ ᠨᠡᠭᠡᠭᠡᠨ ᠰᠢᠨ᠎ᠡ ᠶᠢ ᠡᠭᠦᠳᠴᠦ᠂ ᠬᠠᠭᠤᠴᠢᠨ ᠲᠣᠭᠲᠠᠭᠠᠯ ᠢ ᠡᠪᠳᠡᠵᠦ᠂ ᠬᠥᠭᠵᠢᠯᠲᠡ᠂ | ᠥᠭᠡᠷᠡᠴᠢᠯᠡᠯᠲᠡ᠂ ᠠᠷᠠᠳ ᠤᠨ ᠠᠮᠢᠳᠤᠷᠠᠯ ᠳᠤ ᠠᠰᠢᠭᠲᠠᠢ ᠶᠠᠪᠤᠳᠠᠯ ᠢ ᠵᠣᠷᠢᠭᠲᠠᠢ ᠬᠢᠵᠦ᠂ ᠵᠣᠷᠢᠭᠲᠠᠢ ᠪᠠᠷ ᠬᠢᠵᠦ᠂ | ᠵᠣᠷᠢᠭᠲᠠᠢ ᠪᠠᠷ ᠰᠡᠳᠬᠢᠵᠦ᠂ ᠵᠣᠷᠢᠭᠲᠠᠢ ᠪᠠᠷ ᠠᠬᠢᠭᠤᠯᠬᠤ ᠬᠡᠷᠡᠭᠲᠡᠢ᠃ ᠪᠡᠶ᠎ᠡ ᠪᠠᠨ ᠴᠢᠩᠭ᠎ᠠ ᠱᠠᠭᠠᠷᠳᠠᠵᠤ ᠲᠦᠷᠢ | ᠲᠦᠷᠬᠦ ᠶᠢ ᠪᠤᠢ ᠪᠣᠯᠭᠠᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠴᠢᠩᠭ᠎ᠠ ᠨᠢᠮᠪᠠᠢ ᠬᠠᠷᠢᠭᠤᠴᠠᠬᠤ᠂ ᠲᠦᠢᠯ ᠤᠨ | ᠨᠠᠷᠢᠨ ᠨᠢᠮᠪᠠᠢ ᠰᠢᠯᠢᠳᠡᠭ ᠰᠤᠷᠲᠠᠯ ᠢ ᠪᠤᠢ ᠪᠣᠯᠭᠠᠵᠤ᠂ ᠲᠥᠪ ᠭᠤᠣᠯᠴᠢ ᠠᠷᠢᠭᠤᠨ ᠴᠢᠬᠡᠴᠢ ᠦᠯᠢᠭᠡᠷ ᠳᠠᠭᠤᠷᠢᠶᠠᠯ | ᠪᠤᠯᠵᠤ᠂ ᠨᠠᠮ ᠪᠣᠯᠤᠨ ᠵᠠᠰᠠᠭ ᠤᠨ ᠣᠷᠳᠣᠨ ᠳᠤ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠵᠤ ᠥᠭᠬᠦ | ᠬᠡᠷᠡᠭᠲᠡᠢ᠃ |