ᠯᠢᠦ ᠪᠦᠦ ᠴᠧᠩ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠢᠴᠢ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/21
      3 ᠰᠠᠷ᠎ᠠ ᠶᠢᠨ 20 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢᠦ ᠪᠦᠦ ᠴᠧᠩ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠵᠢᠴᠢ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠯᠢᠦ ᠲᠢᠶᠠᠨ ᠴᠢᠩ ᠣᠷᠣᠯᠴᠠᠪᠠ᠃      ᠦᠬᠠᠢ ᠬᠤᠳᠠ ᠶᠢᠨ ᠡᠦ ᠬᠤᠸᠠ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠯᠢᠦ ᠪᠦᠦ ᠴᠧᠩ ᠨᠠᠷ ᠨᠡᠭᠦᠷᠡᠰᠦᠨ ᠠᠭᠤᠷᠬᠠᠢ ᠶᠢᠨ ᠬᠤᠳᠳᠤᠭ ᠲᠤ ᠭᠦᠨᠵᠡᠭᠡᠶᠢᠷᠡᠵᠦ᠂ ᠨᠦᠬᠡᠨ ᠵᠠᠮ᠂ ᠨᠡᠭᠦᠷᠡᠰᠦ ᠮᠠᠯᠲᠠᠬᠤ ᠠᠵᠢᠯ ᠤᠨ ᠭᠠᠳᠠᠷᠭᠤ᠂ ᠠᠮᠤᠷ ᠲᠦᠪᠰᠢᠨ ᠤ ᠲᠥᠬᠦᠭᠡᠷᠦᠮᠵᠢ ᠲᠥᠬᠦᠭᠡᠷᠦᠮᠵᠢ ᠶᠢᠨ ᠠᠵᠢᠯᠯᠠᠭᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠨᠢ ᠠᠵᠤ ᠠᠬᠤᠢ ᠶᠢᠨ ᠬᠥᠭᠵᠢᠯᠲᠡ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠲᠠᠢ ᠬᠤᠯᠪᠣᠭᠳᠠᠨ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ︽ᠤᠯᠠᠭᠠᠨ ᠱᠤᠭᠤᠮ︾ ᠤᠨ ᠤᠬᠠᠮᠰᠠᠷ ᠪᠣᠯᠤᠨ ︽ᠬᠤᠷᠢᠭ᠎ᠠ ᠱᠤᠭᠤᠮ︾ ᠤᠨ ᠰᠡᠳᠬᠢᠬᠦᠢ ᠶᠢ ᠴᠢᠩᠭᠠᠳᠬᠠᠵᠤ᠂ ᠠᠮᠤᠷ ᠲᠦᠪᠰᠢᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠤᠳᠤᠷᠢᠳᠤᠯᠭ᠎ᠠ ᠶᠢᠨ ᠲᠤᠬᠠᠢ ᠶᠢᠨ ᠲᠠᠯᠠᠪᠠᠢ ᠳᠤ ᠡᠭᠡᠯᠵᠢ ᠳᠠᠭᠠᠭᠤᠯᠬᠤ᠂ ᠭᠡᠮ ᠰᠣᠭᠤᠭ ᠢ ᠪᠠᠶᠢᠴᠠᠭᠠᠨ ᠵᠠᠰᠠᠬᠤ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠠᠵᠤ ᠠᠬᠤᠶᠢᠯᠠᠯ ᠤᠨ ᠬᠢᠨ ᠨᠡᠭᠦᠷᠡᠰᠦᠨ ᠠᠭᠤᠷᠬᠠᠢ ᠶᠢᠨ ᠠᠦ᠋ᠲ᠋ᠣᠴᠢᠯᠠᠯᠲᠠ᠂ ᠤᠶᠤᠨᠴᠢᠯᠠᠯᠳᠠ ᠶᠢᠨ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠵᠤ᠂ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠠᠮᠤᠷ ᠲᠦᠪᠰᠢᠨ ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠬᠠᠮᠲᠤ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠵᠦ᠂ ᠪᠦᠬᠦ ᠵᠢᠯ ᠤᠨ ᠦᠢᠯᠡᠳᠪᠦᠷᠢᠯᠡᠯ ᠤᠨ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号