ᠷᠠᠰᠢᠵᠦ᠋ᠩ ᠵᠡᠭᠡᠯᠢ ᠭᠤᠳᠤᠮᠵᠢ ᠨᠠᠮ ᠤᠨ ᠠᠵᠢᠯ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠪᠣᠯᠤᠨ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠵᠡᠭᠡᠯᠢ ᠭᠤᠳᠤᠮᠵᠢ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/3/27
      3 ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠵᠠᠩ ᠽᠧ ᠢᠦᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠪᠣᠯᠤᠨ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠵᠡᠭᠡᠯᠢ ᠭᠤᠳᠤᠮᠵᠢ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠵᠡᠭᠡᠯᠢ ᠭᠤᠳᠤᠮᠵᠢ ᠶᠢᠨ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ︽︿ᠬᠤᠶᠠᠷ ᠢ ᠭᠤᠶᠢᠪᠢᠰᠢ ᠦᠭᠡᠢ﹀ ᠶᠢᠨ ᠲᠤᠬᠠᠢ ᠵᠣᠬᠢᠶᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠬᠠᠶᠢᠨᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠵᠢᠴᠢ ᠲᠥᠪ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠬᠥᠲᠥᠯᠪᠦᠷᠢ ᠶᠢ ᠨᠠᠷᠢᠨ ᠬᠢᠨᠠᠮᠠᠭᠠᠶ ᠰᠤᠷᠤᠯᠴᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠳᠡᠭᠡᠳᠦ ᠬᠡᠮᠵᠢᠶᠡᠨ ᠤ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ᠂ ᠪᠥᠬᠦ ᠲᠠᠯ᠎ᠠ ᠪᠠᠷ ᠪᠠᠶᠢᠬᠤ ᠶᠢ ᠦᠨᠡᠨ ᠬᠦ ᠪᠠᠲᠤᠯᠠᠵᠤ᠂ ᠠᠵᠤ ᠠᠬᠤᠶ ᠶᠢᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃      ᠬᠤᠷᠠᠯ ᠠᠴᠠ ᠪᠠᠰᠠ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠷᠠᠰᠢᠵᠦ᠋ᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠶᠢᠨ ᠲᠣᠭᠲᠠᠭᠠᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠢ ᠤᠯᠠᠮᠵᠢᠯᠠᠨ ᠰᠤᠷᠤᠯᠴᠠᠵᠤ᠂ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠨᠡᠶᠢᠭᠡᠮ ᠲᠣᠭᠤᠷᠢᠭ ᠤᠨ ᠱᠦᠵᠢ ᠶᠢ ᠳᠠᠶᠢᠴᠢᠯᠠᠨ ᠲᠣᠰ ᠨᠢᠭᠡᠴᠡ ᠶᠢᠨ ᠢᠶᠠᠨ ᠭᠤᠤᠯ ᠡᠭᠦᠷᠭᠡ ᠬᠠᠷᠢᠭᠤᠴᠠᠯᠭ᠎ᠠ ᠶᠢ ᠣᠨᠣᠪᠴᠢᠲᠠᠶ ᠡᠵᠡᠮᠰᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号