ᠬᠠᠶᠢᠨᠠᠨ ᠲᠣᠭᠤᠷᠢᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/3/27
      3 ᠰᠠᠷ᠎ᠠ ᠶᠢᠨ 24 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠨᠣᠮ ᠤᠩᠰᠢᠬᠤ ᠠᠩᠬᠢ ᠶᠢ ᠭᠦᠨᠵᠡᠭᠡᠢ ᠲᠤᠤᠱᠯᠠᠭᠤᠯᠵᠤ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠵᠢᠱᠢᠶ᠎ᠡ ᠦᠵᠡᠭᠦᠯᠦᠨ ᠲᠠᠶᠢᠴᠢᠯᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠳ᠋ᠢᠩ ᠸᠧᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠰᠢᠤᠢ ᠪᠢᠨ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠲᠣᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠣᠷᠣᠯᠴᠠᠪᠠ᠃      ᠲᠣᠰ ᠤᠳᠠᠭᠠᠨ ᠤ ᠲᠥᠪᠯᠡᠷᠡᠭᠦᠯᠦᠨ ᠤᠩᠰᠢᠬᠤ ᠠᠩᠭᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠰᠤᠷᠤᠯᠴᠠᠬᠤ ᠠᠭᠤᠯᠭ᠎ᠠ ᠳᠤ ᠭᠤᠤᠯᠳᠠᠭᠤ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ︽ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭᠠᠨ ᠤ ᠲᠦᠢᠮᠣ ᠥᠭᠦᠯᠡᠯᠲᠡ︾ ᠵᠢᠴᠢ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠨᠡᠶᠢᠲᠡᠯᠡᠭᠰᠡᠨ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠪᠠᠭᠲᠠᠭᠠᠨ᠎ᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号