3 ᠰᠠᠷ᠎ᠠ ᠶᠢᠨ 26 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ︽ᠤᠰᠤ | ᠠᠷᠪᠢᠯᠠᠬᠤ ᠠᠵᠢᠯᠯᠠᠭ᠎ᠠ︾ ᠶᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ | ᠤᠳᠤᠷᠢᠳᠤᠯᠭ᠎ᠠ ᠮᠠ ᠺᠠᠢ ᠣᠷᠣᠯᠴᠠᠪᠠ᠃ | | | ᠷᠠᠰᠠᠩ ᠰᠦᠮ᠎ᠡ ᠪᠠᠯᠭᠠᠰᠤᠨ ᠤ ᠱᠦ ᠭᠤᠸᠠᠩ ᠲᠣᠰᠬᠤᠨ ᠤ ᠨᠠᠶᠠᠨ ᠵᠢᠷᠭᠤᠳᠤᠭᠠᠷ ᠥᠨᠳᠥᠷ ᠪᠦᠲᠦᠮᠵᠢᠲᠡᠢ | ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠥᠪᠥᠷ ᠮᠣᠩᠭᠤᠯ ᠤᠨ ᠮᠧᠩ ᠳ᠋ᠢᠶᠠᠨ ᠬᠤᠸᠠ ᠨᠧᠩ ᠢᠯᠴᠢ | ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠦᠬᠠᠢ ᠶᠢᠨ ᠴᠠᠬᠢᠯᠭᠠᠨ ᠭᠠᠷᠭᠠᠬᠤ ᠦᠢᠯᠡᠳᠪᠦᠷᠢ᠂ | ᠬᠠᠶᠢᠨᠠᠨ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ | ᠦᠬᠠᠢ ᠬᠤᠳᠠ ᠶᠢᠨ ᠬᠤᠩ ᠶᠠᠩ ᠬᠡᠦᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠯᠢᠦ ᠪᠦᠦ ᠴᠧᠩ | ᠲᠤᠬᠠᠢ ᠶᠢᠨ ᠭᠠᠵᠠᠷ ᠲᠤᠨᠢ ᠡᠯ᠎ᠡ ᠠᠵᠤ ᠠᠬᠤᠶᠢᠯᠠᠯ ᠤᠨ ᠤᠰᠤ ᠠᠷᠪᠢᠯᠠᠬᠤ ᠲᠥᠬᠦᠭᠡᠷᠦᠮᠵᠢ ᠶᠢᠨ ᠠᠵᠢᠯᠯᠠᠭᠠᠨ᠂ | ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ︽ᠤᠰᠤ ᠠᠷᠪᠢᠯᠠᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠤᠰᠤ ᠪᠠᠷ | ᠲᠦᠷᠪᠡ ᠶᠢ ᠲᠣᠭᠲᠠᠭᠠᠬᠤ︾ ᠵᠠᠷᠴᠢᠮ ᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ | ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠲᠠᠷᠢᠶᠠᠯᠠᠩ᠂ ᠠᠵᠤ ᠦᠢᠯᠡᠳᠪᠦᠷᠢ ᠵᠡᠷᠭᠡ ᠬᠦᠷᠢᠶᠡᠨ ᠤ ᠤᠰᠤ | ᠠᠷᠪᠢᠯᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠲᠣᠭᠤᠷᠢᠭ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠲᠡᠢ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠬᠡᠯᠡᠪᠡ᠃ | ᠠᠵᠤ ᠠᠬᠤᠶᠢᠯᠠᠯ ᠤᠳ ᠤᠰᠤ ᠠᠷᠪᠢᠯᠠᠬᠤ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ᠂ ᠤᠷ᠎ᠠ ᠮᠡᠷᠭᠡᠰᠢᠯ ᠪᠣᠯᠤᠨ | ᠲᠥᠬᠦᠭᠡᠷᠦᠮᠵᠢ ᠶᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠤᠰᠤ ᠠᠷᠪᠢᠯᠠᠬᠤ ᠪᠡᠯᠡᠳᠬᠡᠮᠵᠢ᠂ ᠤᠰᠤ ᠠᠷᠪᠢᠯᠠᠬᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠨ᠂ ᠲᠠᠷᠢᠶᠠᠯᠠᠩ ᠤᠨ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠲᠦᠯᠬᠢᠨ ᠠᠬᠢᠭᠤᠯᠬᠤ ᠬᠡᠷᠡᠭᠲᠡᠶ᠃ ᠳᠠᠬᠢᠯᠲᠠ ᠤᠰᠤᠨ ᠤ | ᠦᠢᠯᠡᠳᠪᠦᠷᠢ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠪᠠᠨ ᠨᠠᠷᠢᠯᠢᠭᠵᠢᠭᠤᠯᠵᠤ᠂ ᠠᠵᠢᠯᠯᠠᠭᠠᠨ ᠤ ᠳᠤᠮᠳᠠ | ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠪᠦᠲᠦᠮᠵᠢᠲᠡᠶ ᠪᠠᠶᠢᠴᠠᠭᠠᠨ ᠰᠢᠢᠳᠪᠦᠷᠢᠯᠡᠵᠦ᠂ | ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠪᠠᠨ ᠯᠠᠪᠳᠠᠭᠤᠨ ᠢᠶᠠᠷ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ | ᠠᠷᠪᠢᠲᠠᠶ ᠡᠷᠴᠢᠮᠯᠢᠭ ᠡᠷᠭᠢᠯᠳᠦᠭᠦᠯᠦᠨ ᠥᠨᠳᠥᠷ ᠪᠦᠲᠦᠮᠵᠢᠲᠡᠶ ᠠᠰᠢᠭᠯᠠᠬᠤ ᠶᠢ ᠪᠡᠶᠡᠯᠡᠭᠦᠯᠬᠦ ᠬᠡᠷᠡᠭᠲᠡᠶ ᠭᠡᠵᠡᠢ᠃ |