ᠯᠢᠦ ᠪᠦᠦ ᠴᠧᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/3/27
      3 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢᠦ ᠪᠦᠦ ᠴᠧᠩ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠭᠦᠢᠵᠸᠦ ᠮᠤᠵᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠣᠶᠢᠯᠠᠭᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠬᠤᠭᠤᠴᠠᠭ᠎ᠠ ᠰᠣᠯᠢᠬᠤ᠂ ᠤᠯᠠᠨ ᠡᠵᠡᠩᠨᠡᠯᠲᠡ ᠶᠢᠨ ᠬᠡᠯᠪᠡᠷᠢ ᠶᠢ ᠠᠭᠤᠰᠤᠯᠴᠠᠭᠤᠯᠤᠨ ᠬᠥᠭᠵᠢᠭᠦᠯᠬᠦ ᠤᠳᠤ ᠦᠶ᠎ᠡ ᠶᠢᠨ ᠵᠤᠭᠠᠴᠠᠯ ᠤᠨ ᠦᠢᠯᠡᠰ ᠤᠨ ᠰᠢᠰᠲ᠋ᠧᠮ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ︽︿ᠬᠤᠶᠠᠷ ᠢ ᠡᠷᠡᠰ ᠭᠤᠶᠢᠪᠢᠰᠢ ᠦᠭᠡᠢ﹀ ᠶᠢᠨ ᠲᠤᠬᠠᠢ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠶᠢᠲᠡ ᠶᠢᠨ ᠥᠮᠴᠢᠯᠡᠯᠲᠦ ᠠᠵᠤ ᠠᠬᠤᠢ ᠶᠢ ᠡᠷᠡᠰ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯᠲᠦ ᠪᠤᠰᠤ ᠠᠵᠤ ᠠᠬᠤᠢ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠢ ᠵᠣᠷᠢᠭᠵᠢᠭᠤᠯᠵᠤ᠂ ᠳᠡᠮᠵᠢᠵᠦ᠂ ᠬᠦᠳᠦᠯᠦᠨ ᠵᠢᠯᠣᠭᠤᠳᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠡᠷᠡᠰ ᠭᠤᠶᠢᠪᠢᠰᠢ ᠦᠭᠡᠢ ᠲᠠᠨᠢᠵᠤ᠂ ᠠᠵᠤ ᠠᠬᠤᠶᠢᠯᠠᠯ ᠢ ᠬᠠᠪᠰᠤᠷᠤᠨ ᠲᠡᠳᠬᠦᠬᠦ ᠠᠵᠢᠯ ᠢ ᠭᠦᠨᠵᠡᠭᠡᠢ ᠥᠷᠨᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠨ ᠤ ᠲᠣᠭᠤᠷᠢᠭ ᠤᠨ ᠨᠡᠶᠢᠲᠡ ᠶᠢᠨ ᠥᠮᠴᠢᠯᠡᠯᠲᠦ ᠠᠵᠤ ᠠᠬᠤᠢ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠥᠬᠦ ᠤᠯᠤᠰ ᠤᠨ ︽ᠬᠤᠶᠠᠷ ᠬᠤᠷᠠᠯ︾᠂ ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ᠂ ᠪᠥᠬᠦ  ᠲᠣᠭᠤᠷᠢᠭ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾᠂ ᠦᠬᠠᠶ ᠬᠤᠲᠠ ᠶᠢᠨ ︽ᠠᠷᠪᠠᠨ ᠭᠤᠤᠯᠳᠠᠯᠭ᠎ᠠ ᠲᠠᠢ ᠡᠭᠦᠷᠭᠡ︾ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠲᠠᠢ ᠤᠶᠠᠯᠳᠤᠭᠤᠯᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠦᠷᠭᠦᠯᠵᠢᠯᠡᠨ ᠰᠠᠶᠢᠲᠤᠷ ᠬᠢᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠬᠡᠷᠡᠭᠵᠢᠭᠦᠯᠦᠯᠲᠡ ᠶᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠢᠳᠡᠪᠬᠢᠲᠡᠶ ᠰᠡᠷᠭᠡᠶᠢᠯᠡᠨ ᠠᠷᠢᠯᠭᠠᠵᠤ᠂ ᠠᠷᠠᠳ ᠤᠨ ᠠᠮᠢᠳᠤᠷᠠᠯ ᠢ ᠰᠠᠶᠢᠲᠤᠷ ᠪᠠᠲᠤᠯᠠᠨ ᠰᠠᠶᠢᠵᠢᠷᠠᠭᠤᠯᠵᠤ᠂ ᠲᠣᠭᠤᠷᠢᠨ ᠪᠠᠶᠢᠴᠠᠭᠠᠯᠲᠠ ᠶᠢᠨ ︽ᠰᠡᠭᠦᠯᠴᠢ ᠶᠢᠨ ᠠᠵᠢᠯ︾ ᠢ ᠰᠠᠶᠢᠲᠤᠷ ᠬᠢᠵᠦ᠂ ᠮᠠᠨ ᠤ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠲᠣᠭᠲᠠᠭᠰᠠᠨ ᠬᠥᠳᠡᠯᠭᠡᠭᠡᠨ ᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠡᠯ᠎ᠡ ᠵᠦᠢᠯ ᠤᠨ ᠠᠵᠢᠯ ᠢ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠨ ᠬᠦ ᠬᠠᠶᠢᠨᠠᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠣᠯᠳᠠᠯᠭ᠎ᠠ ᠪᠣᠯᠤᠨ ᠪᠦᠬᠦ ᠬᠤᠳᠠ ᠶᠢᠨ ︽ᠨᠠᠮ ᠤᠨ ᠪᠠᠶᠢᠭᠤᠯᠤᠯᠲᠠ ᠶᠢ ᠠᠳᠬᠤᠵᠤ ᠬᠥᠭᠵᠢᠯᠲᠡ ᠶᠢ ᠠᠬᠢᠭᠤᠯᠵᠤ ᠰᠤᠷᠲᠠᠯ ᠢ ᠬᠤᠪᠢᠷᠠᠭᠤᠯᠬᠤ ᠶᠢ ᠠᠬᠢᠭᠤᠯᠬᠤ︾ ᠠᠵᠢᠯ ᠢᠶᠠᠷ ᠭᠠᠷᠳᠠᠴᠠ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ︽ᠠᠷᠪᠠᠨ ᠵᠦᠢᠯ ᠤᠨ ᠭᠤᠣᠯᠳᠠᠯᠭ᠎ᠠ ᠲᠠᠢ ᠡᠭᠦᠷᠭᠡ︾ ᠶᠢ ᠨᠢᠭᠡ ᠴᠤᠭᠴᠠᠵᠢᠭᠤᠯᠤᠨ ᠲᠥᠯᠥᠪᠵᠢᠭᠦᠯᠵᠦ᠂ ᠨᠢᠭᠡ ᠴᠤᠭᠴᠠᠵᠢᠭᠤᠯᠤᠨ ᠠᠬᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠵᠤ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠨ ᠤ ᠥᠭᠡᠷᠡᠴᠢᠯᠡᠯᠲᠡ ᠶᠢᠨ ᠠᠵᠢᠯ ᠤᠨ ᠭᠤᠤᠯᠳᠠᠯᠭ᠎ᠠ ᠲᠠᠢ ᠨᠠᠷᠢᠨ ᠬᠢᠨᠠᠮᠠᠭᠠᠶ ᠬᠠᠷᠢᠴᠠᠭᠤᠯᠤᠨ᠂ ᠵᠣᠯᠭᠠᠭᠤᠯᠬᠤ ᠥᠭᠡᠷᠡᠴᠢᠯᠡᠯᠲᠡ ᠶᠢᠨ ᠡᠭᠦᠷᠭᠡ ᠶᠢ ᠳᠠᠬᠢᠨ ᠰᠤᠳᠤᠯᠵᠤ᠂ ᠳᠠᠬᠢᠨ ᠪᠠᠶᠢᠷᠢᠯᠠᠭᠤᠯᠵᠤ᠂ ᠥᠭᠡᠷᠡᠴᠢᠯᠡᠯᠲᠡ ᠶᠢᠨ ᠰᠡᠳᠬᠢᠬᠦᠶ ᠶᠢ ᠪᠣᠶ ᠪᠣᠯᠭᠠᠵᠤ᠂ ᠠᠯᠳᠠᠭ᠎ᠠ ᠪᠤᠷᠤᠭᠤ ᠪᠠᠨ ᠥᠭᠡᠷᠡᠴᠢᠯᠡᠬᠦ᠂ ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ ᠰᠠᠶᠢᠵᠢᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ ᠬᠤᠪᠢᠷᠠᠭᠤᠯᠬᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠬᠥᠳᠡᠯᠭᠡᠬᠦ ᠬᠦᠴᠦᠨ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠬᠠᠶᠢᠨᠠᠨ ᠲᠣᠭᠤᠷᠢᠭ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃          ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号