ᠬᠠᠶᠢᠨᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
      3 ᠰᠠᠷ᠎ᠠ ᠶᠢᠨ 26 ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠢᠤᠢ ᠪᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ 3 ᠳ᠋ᠤᠭᠠᠷ ᠤᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭ᠎ᠠ ᠪᠣᠯᠤᠨ ᠭᠦᠢᠵᠸᠦ᠂ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠤᠨ 2025 ᠣᠨ ᠤ 5 ᠳ᠋ᠤᠭᠠᠷ ᠬᠤᠭᠤᠴᠠᠭ᠎ᠠ᠂ 6 ᠳ᠋ᠤᠭᠠᠷ ᠬᠤᠭᠤᠴᠠᠭᠠᠨ ᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭᠠᠨ ᠤ ᠲᠦᠢᠮᠣ ᠥᠭᠦᠯᠡᠯᠲᠡ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠠᠮᠤᠷ ᠲᠦᠪᠰᠢᠨ ᠤ ᠬᠠᠤᠯᠢ︾ ᠶᠢ ᠬᠠᠮᠲᠤ ᠪᠠᠷ ᠰᠤᠷᠤᠯᠴᠠᠭᠰᠠᠨ ᠪᠥᠭᠡᠳ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠲᠣᠭᠤᠷᠢᠨ ᠳᠤ ᠲᠤᠰᠬᠠᠢ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠪᠡ᠃ ᠰᠤᠳᠤᠯᠤᠨ ᠶᠠᠷᠢᠯᠴᠠᠬᠤ ᠬᠤᠷᠠᠯ ᠤᠨ ᠳᠠᠷᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ᠨᠠᠮ ᠤᠨ ᠪᠠᠶᠢᠭᠤᠯᠤᠯᠲᠠ ᠶᠢᠨ ᠬᠠᠭᠤᠳᠠᠰᠤ︾᠂ ︽ᠥᠭᠡᠷᠡᠴᠢᠯᠡᠯᠲᠡ ᠶᠢᠨ ᠬᠠᠭᠤᠳᠠᠰᠤ︾᠂ ︽ᠦᠨᠳᠦᠰᠦᠲᠡᠨ ᠤ ᠬᠠᠭᠤᠳᠠᠰᠤ︾ ᠪᠠ ︽ᠥᠪᠥᠷ ᠮᠣᠩᠭᠤᠯ ᠤᠨ ᠬᠠᠭᠤᠳᠠᠰᠤ︾ ᠶᠢᠨ ᠲᠣᠭᠤᠷᠢᠨ ᠳᠤ᠂ ᠨᠢᠭᠡ ᠡᠳᠦᠷ ᠤᠨ ᠲᠥᠪᠯᠡᠷᠡᠩᠭᠦᠶ ᠰᠤᠷᠤᠯᠴᠠᠯᠭ᠎ᠠ ᠶᠢ ᠥᠷᠨᠢᠭᠦᠯᠪᠡ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠭᠤᠤᠯ ᠴᠢᠮᠥᠭᠡ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ ᠣᠨᠣᠪᠴᠢᠲᠠᠶ ᠡᠵᠡᠮᠰᠢᠵᠦ᠂ ᠤᠯᠤᠰ ᠲᠥᠷᠥ ᠶᠢᠨ ᠵᠥᠪᠯᠡᠯᠭᠡᠨ ᠤ ᠣᠨ ᠤ ᠵᠥᠪᠯᠡᠬᠦ ᠲᠥᠯᠥᠪᠯᠡᠭᠡ ᠪᠠ ᠠᠵᠢᠯ ᠤᠨ ᠭᠤᠤᠯᠳᠠᠯᠭ᠎ᠠ ᠳᠤ ᠲᠣᠭᠲᠠᠭᠠᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠲᠠᠢ ᠤᠶᠠᠯᠳᠤᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠭᠠᠷᠳᠠᠬᠤ ᠴᠡᠭ᠂ ᠰᠢᠨ᠎ᠡ ᠶᠢ ᠡᠭᠦᠳᠬᠦ ᠴᠡᠭ ᠢ ᠣᠨᠣᠪᠴᠢᠲᠠᠶ ᠣᠯᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠥᠬᠦ ᠣᠷᠣᠨ ᠤ ᠥᠭᠡᠷᠡᠴᠢᠯᠡᠯᠲᠡ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠶ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ᠂ ᠭᠤᠣᠯ ᠶᠡᠭᠡ ᠲᠠᠯ᠎ᠠ ᠳᠤ ᠦᠢᠯᠡᠴᠢᠯᠡᠬᠦ᠂ ᠵᠥᠪᠯᠡᠬᠦ ᠦᠢᠯᠡᠳᠦᠯᠭᠡ ᠶᠢ ᠪᠠᠶᠠᠯᠢᠭᠵᠢᠭᠤᠯᠬᠤ᠂ ᠭᠡᠰᠢᠭᠦᠳ ᠤᠨ ᠡᠭᠦᠷᠭᠡᠯᠡᠯ ᠢ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠭᠤᠣᠯᠳᠠᠯᠭ᠎ᠠ ᠲᠠᠢ ᠬᠦᠴᠦᠯᠡᠵᠦ᠂ ᠤᠯᠤᠰ ᠲᠦᠷᠦ ᠶᠢᠨ ᠵᠥᠪᠯᠡᠯᠭᠡᠨ ᠤ ᠳᠦᠷᠢᠮᠵᠢᠭᠦᠯᠦᠯᠲᠡ᠂ ᠵᠢᠷᠤᠮᠵᠢᠭᠤᠯᠤᠯᠲᠠ᠂ ᠲᠡᠰ ᠳᠠᠷᠠᠭᠠᠵᠢᠭᠤᠯᠤᠯᠲᠠ ᠶᠢᠨ ᠴᠢᠳᠠᠮᠵᠢ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ᠂ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ︽ᠲᠦᠷᠪᠡ ᠶᠢ ᠨᠢᠭᠲᠠᠷᠠᠭᠤᠯᠬᠤ︾ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠶᠢ ᠡᠭᠦᠳᠬᠦ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃      ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号