ᠬᠠᠶᠢᠨᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ 2025 ᠣᠨ ᠤ 6 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
      3 ᠰᠠᠷ᠎ᠠ ᠶᠢᠨ 26 ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠢᠤᠢ ᠪᠢᠨ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 6 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠦᠬᠠᠢ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ᠂ ︽ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ︿ᠭᠤᠷᠪᠠᠨ ᠴᠢᠬᠤᠯᠠ ᠨᠢᠭᠡ ᠶᠡᠭᠡ﹀ ᠬᠡᠷᠡᠭ ᠶᠠᠪᠤᠳᠠᠯ ᠤᠨ ᠬᠠᠮᠲᠤ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠠᠵᠢᠯ ᠤᠨ ᠰᠠᠨᠠᠭᠤᠯᠭ᠎ᠠ︾ ᠶᠢ ᠤᠯᠠᠮᠵᠢᠯᠠᠨ ᠰᠤᠷᠤᠯᠴᠠᠵᠤ᠂ ︽ᠬᠠᠶᠢᠨᠠᠨ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢ ᠠᠬᠢᠭᠤᠯᠬᠤ ᠠᠵᠢᠯ ᠤᠨ ᠲᠥᠰᠦᠯ ︵ᠬᠢᠨᠠᠨ ᠵᠥᠪᠯᠡᠬᠦ ᠨᠤᠤᠷᠠᠭ︶︾ ᠢ ᠰᠤᠳᠤᠯᠤᠨ ᠬᠢᠨᠠᠨ ᠵᠥᠪᠯᠡᠪᠡ᠃      ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠨᠢᠭᠡᠨ ᠭᠤᠣᠯᠳᠠᠯᠭ᠎ᠠ ᠲᠠᠢ ᠡᠭᠦᠷᠭᠡ ᠪᠣᠯᠤᠨ᠎ᠠ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃ ᠪᠥᠬᠦ ᠬᠤᠲᠠ ᠶᠢᠨ ︽ᠨᠠᠮ ᠤᠨ ᠪᠠᠶᠢᠭᠤᠯᠤᠯᠲᠠ ᠶᠢ ᠠᠳᠬᠤᠵᠤ ᠬᠥᠭᠵᠢᠯᠲᠡ ᠶᠢ ᠠᠬᠢᠭᠤᠯᠤᠨ ᠰᠤᠷᠲᠠᠯ ᠢ ᠬᠤᠪᠢᠷᠠᠭᠤᠯᠬᠤ ᠶᠢ ᠠᠬᠢᠭᠤᠯᠬᠤ︾ ᠠᠵᠢᠯ ᠲᠠᠢ ᠤᠶᠠᠯᠳᠤᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠤᠷᠪᠠᠨ ᠲᠠᠰ ᠳᠠᠪᠬᠤᠷᠭ᠎ᠠ ᠶᠢ ᠨᠢᠭᠡ ᠴᠤᠭᠴᠠᠵᠢᠭᠤᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠠᠷ ᠪᠦᠲᠦᠮᠵᠢᠲᠡᠶ ᠠᠬᠢᠭᠤᠯᠬᠤ ᠠᠵᠢᠯ ᠲᠠᠢ ᠤᠶᠠᠯᠳᠤᠭᠤᠯᠵᠤ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠵᠢᠷᠠᠭᠤᠯᠬᠤ ᠶᠢ ᠬᠥᠲᠥᠯᠦᠨ ᠳᠠᠭᠠᠭᠤᠯᠬᠤ ᠬᠡᠷᠡᠭᠲᠡᠶ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ᠂ ᠬᠠᠶᠢᠨᠠᠨ ᠲᠣᠭᠤᠷᠢᠭ ᠤᠨ ᠬᠤᠯᠪᠣᠭᠳᠠᠯ ᠪᠥᠬᠦᠶ ᠲᠣᠭᠲᠠᠭᠠᠯ ᠲᠠᠢ ᠬᠠᠷᠢᠴᠠᠭᠤᠯᠤᠨ᠂ ᠰᠤᠷᠤᠯᠴᠠᠵᠤ ᠪᠠᠶᠢᠴᠠᠭᠠᠨ ᠰᠠᠶᠢᠵᠢᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠠᠶᠢᠨ ᠰᠠᠶᠢᠬᠠᠨ ᠰᠤᠷᠲᠠᠯ ᠪᠠ ᠯᠠᠪᠳᠠᠭᠤᠨ ᠪᠠᠲᠤᠲᠠᠶ ᠠᠵᠢᠯ ᠢᠶᠠᠷ ᠰᠤᠷᠤᠯᠴᠠᠯᠭ᠎ᠠ ᠬᠥᠮᠦᠵᠢᠯ ᠪᠠ ᠲᠤᠬᠠᠶᠢᠯᠠᠭᠰᠠᠨ ᠠᠵᠢᠯ ᠤᠨ ᠬᠤᠶᠠᠷ ᠢ ᠠᠭᠤᠰᠤᠯᠴᠠᠭᠤᠯᠤᠨ ᠬᠤᠶᠠᠷ ᠢ ᠠᠬᠢᠭᠤᠯᠬᠤ ᠶᠢ ᠠᠬᠢᠭᠤᠯᠬᠤ ᠬᠡᠷᠡᠭᠲᠡᠶ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号