ᠪᠠᠶ ᠴᠦᠨ ᠯᠸᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/28
      3 ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠶᠠᠩ ᠽᠧ ᠢᠦᠢ ᠣᠷᠣᠯᠴᠠᠪᠠ᠃      ᠪᠠᠶᠠᠨᠲᠤᠬᠤᠢ ᠪᠠᠯᠭᠠᠰᠤᠨ ᠤ ᠳ᠋ᠦᠩ ᠰᠢᠩ ᠲᠣᠰᠬᠤᠨ᠂ ᠸᠠᠨ ᠮᠦ ᠲᠠᠨ ᠲᠣᠰᠬᠤᠨ᠂ ᠶᠠᠩ ᠯᠦ ᠵᠢᠩ ᠲᠣᠰᠬᠤᠨ ᠪᠣᠯᠤᠨ ᠬᠤᠶᠠᠳᠤᠭᠠᠷ ᠳᠡᠰ ᠤᠨ ᠤᠰᠤ ᠲᠠᠲᠠᠬᠤ ᠦᠷᠳᠡᠭᠡ ᠳᠤ᠂ ᠪᠠᠢ ᠴᠦᠨ ᠯᠸᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠪᠣᠯᠤᠨ ᠬᠤᠶᠠᠳᠤᠭᠠᠷ ᠳᠡᠰ ᠤᠨ ᠤᠰᠤ ᠲᠠᠲᠠᠬᠤ ᠦᠷᠳᠡᠭᠡ ᠶᠢᠨ ᠠᠵᠢᠯᠯᠠᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠣᠯ ︽ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠳᠤᠲᠠᠭᠤᠳᠠᠯ ᠢ ᠪᠥᠬᠦ ᠬᠦᠴᠦᠨ ᠢᠶᠠᠷ ᠢᠶᠠᠨ ᠨᠥᠬᠦᠪᠥᠷᠢᠯᠡᠬᠦ ᠶᠢᠨ ᠬᠠᠮᠲᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠮᠢᠶᠠᠷᠤᠨ ᠬᠠᠮᠠᠭᠠᠯᠠᠬᠤ ᠭᠤᠤᠯ ᠴᠣᠭᠴᠠ ᠪᠠ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠲᠠᠷᠢᠶᠠᠯᠠᠩ ᠤᠨ ᠥᠨᠳᠥᠷ ᠦᠷ᠎ᠡ ᠪᠦᠲᠦᠮᠵᠢᠲᠡᠶ ᠪᠣᠯᠭᠠᠬᠤ᠂ ᠬᠡᠪᠴᠢᠶᠡᠵᠢᠭᠦᠯᠬᠦ᠂ ᠠᠵᠤ ᠦᠶᠢᠯᠡᠰᠵᠢᠭᠦᠯᠬᠦ ᠶᠢ ᠳᠥᠯᠭᠢᠨ ᠠᠬᠢᠭᠤᠯᠵᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠶ ᠭᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号