ᠷᠠᠰᠢᠵᠦ᠋ᠩ ᠵᠡᠭᠡᠯᠢ ᠭᠤᠳᠤᠮᠵᠢ 2025 ᠣᠨ ᠤ ᠨᠢᠭᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/31
      3 ᠰᠠᠷ᠎ᠠ ᠶᠢᠨ 28 ᠤ ᠡᠳᠦᠷ᠂ ᠷᠠᠰᠢᠵᠦ᠋ᠩ ᠵᠡᠭᠡᠯᠢ ᠭᠤᠳᠤᠮᠵᠢ 2025 ᠣᠨ ᠤ ᠨᠢᠭᠡᠳᠦᠭᠡᠷ ᠤᠯᠠᠷᠢᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠵᠢᠴᠢ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠵᠠᠩ ᠢ ᠷᠠᠨ ᠡᠷᠭᠢᠯᠡᠵᠦ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠨᠡᠶᠢᠭᠡᠮ ᠲᠣᠭᠤᠷᠢᠭ ᠤᠨ ᠱᠦᠵᠢ ᠪᠣᠯᠤᠨ ᠵᠡᠭᠡᠯᠢ ᠭᠤᠳᠤᠮᠵᠢ ᠶᠢᠨ ᠪᠠᠴᠢᠮ ᠪᠠᠶᠢᠳᠠᠯ ᠢ ᠠᠷᠭᠠᠴᠠᠬᠤ ᠠᠯᠪᠠᠨ ᠬᠡᠷ ᠤᠨ ᠠᠵᠢᠯᠲᠠᠳ ᠬᠤᠷᠠᠯ ᠳᠤ ᠣᠷᠣᠯᠴᠠᠵᠠᠶ᠃      ᠬᠤᠷᠠᠯ ᠠᠴᠠ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠡᠭᠡᠯᠢ ᠭᠤᠳᠤᠮᠵᠢ ᠶᠢᠨ 2024 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ᠂ 2025 ᠣᠨ ᠤ ᠭᠤᠣᠯᠳᠠᠯᠭ᠎ᠠ ᠲᠠᠢ ᠠᠵᠢᠯ ᠤᠨ ᠰᠡᠳᠬᠢᠴᠡ ᠶᠢ ᠰᠣᠨᠣᠰᠴᠤ᠂ ᠡᠯ᠎ᠡ ᠨᠡᠶᠢᠭᠡᠮ ᠲᠣᠭᠤᠷᠢᠭ ᠤᠨ ᠤᠢᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠪᠢᠴᠢᠭ ᠤᠨ ᠬᠡᠯᠪᠡᠷᠢ ᠪᠠᠷ ᠰᠣᠨᠣᠰᠴᠠᠢ᠃      ᠬᠤᠷᠠᠯ ᠠᠴᠠ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ᠂ ᠬᠡᠭᠡᠷ᠎ᠡ ᠭᠠᠳᠠᠨᠠᠬᠢ ᠭᠠᠯ ᠤᠨ ᠠᠶᠤᠯ ᠪᠠ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠯᠳᠠ ᠭᠡᠮ ᠢ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠡᠷᠲᠡ ᠢᠯᠡᠷᠡᠭᠦᠯᠵᠦ ᠡᠷᠲᠡ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠯ ᠰᠣᠷᠢᠯᠲᠠ ᠪᠠ ᠵᠠᠷᠢᠮ ᠬᠠᠨᠳᠤᠯᠭᠠᠲᠤ ᠴᠢᠨᠠᠷ᠂ ᠰᠣᠨᠢᠷᠬᠠᠯᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠬᠠᠮᠲᠤ ᠳᠤᠨᠢ ᠬᠠᠷᠠᠭᠠᠯᠵᠠᠬᠤ ᠤᠬᠠᠭᠤᠯᠭ᠎ᠠ ᠶᠢᠨ ᠠᠵᠢᠯᠯᠠᠭ᠎ᠠ ᠶᠢ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠶᠠᠪᠤᠳᠠᠯ ᠪᠦᠬᠦᠨ ᠳᠤ ᠠᠮᠤᠷ ᠲᠦᠪᠰᠢᠨ ᠢ ᠴᠢᠬᠤᠯᠠᠴᠢᠯᠠᠬᠤ︾ ᠨᠡᠶᠢᠭᠡᠮ ᠤᠨ ᠠᠭᠤᠷ ᠠᠮᠢᠰᠬᠤᠯ ᠢ ᠦᠨᠡᠨ ᠬᠦ ᠪᠤᠢ ᠪᠣᠯᠭᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号