ᠬᠦᠬᠤᠰᠣ ᠪᠠᠯᠭᠠᠰᠤ 2025 ᠣᠨ ᠤ ᠪᠦᠬᠦ ᠪᠠᠯᠭᠠᠰᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/31
      3 ᠰᠠᠷ᠎ᠠ ᠶᠢᠨ 28 ᠤ ᠡᠳᠦᠷ᠂ ᠬᠦᠬᠤᠰᠣ ᠪᠠᠯᠭᠠᠰᠤ 2025 ᠣᠨ ᠤ ᠪᠥᠬᠦ ᠪᠠᠯᠭᠠᠰᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠠᠩ ᡁᠢ ᠯᠧᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ ᠵᠢᠴᠢ ᠪᠠᠯᠭᠠᠰᠤᠨ ᠤ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃      ᠬᠤᠷᠠᠯ ᠠᠴᠠ 2025 ᠣᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠪᠣᠯᠤᠨ ᠬᠠᠶᠢᠨᠠᠨ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠡᠯ᠎ᠡ ᠵᠦᠢᠯ ᠤᠨ ᠠᠵᠢᠯ ᠢᠶᠠᠨ ᠡᠷᠭᠢᠴᠡᠭᠦᠯᠦᠨ ᠳ᠋ᠦᠩᠨᠡᠵᠦ᠂ 2025 ᠣᠨ ᠤ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠵᠣᠯᠭᠠᠭᠤᠯᠬᠤ ᠴᠢᠬᠤᠯᠠ ᠨᠢᠭᠡ ᠵᠢᠯ ᠪᠣᠯᠤᠨ᠎ᠠ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠨᠢ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠲᠤᠬᠠᠶᠢᠯᠠᠭᠰᠠᠨ ᠠᠵᠢᠯ ᠮᠥᠨ᠂ ᠨᠠᠮ ᠤᠨ ᠪᠠᠶᠢᠭᠤᠯᠤᠯᠲᠠ ᠶᠢ ᠠᠳᠬᠤᠬᠤ ᠦᠭᠡᠢ ᠪᠣᠯ ᠬᠠᠷᠢᠭᠤᠴᠠᠯᠭ᠎ᠠ ᠪᠠᠨ ᠠᠯᠳᠠᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠦᠭᠡᠢ ᠪᠣᠯ ᠲᠤᠰᠢᠶᠠᠯ ᠳᠠᠭᠠᠨ ᠲᠡᠩᠴᠡᠬᠦ ᠦᠭᠡᠢ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠤᠬᠠᠭᠤᠯᠬᠤ ᠠᠵᠢᠯ ᠨᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠤᠯ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠮᠠᠨ ᠤ ᠪᠠᠯᠭᠠᠰᠤᠨ ᠤ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠭᠤᠤᠯ ᠰᠡᠳᠦᠪᠲᠦ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠰᠠᠶᠢᠨ ᠦᠯᠢᠭᠡᠷ ᠢᠯᠡᠷᠡᠭᠦᠯᠬᠦ ᠶᠢ ᠪᠠᠷᠢᠮᠲᠠᠯᠠᠵᠤ᠂ ᠣᠮᠤᠭ ᠵᠣᠷᠢᠭ ᠢ ᠬᠥᠪᠴᠢᠯᠡᠵᠦ᠂ ᠶᠠᠷᠢᠶ᠎ᠠ ᠬᠡᠯᠡᠯᠴᠡᠭᠡ ᠶᠢ ᠰᠠᠶᠢᠲᠤᠷ ᠵᠢᠯᠣᠭᠤᠳᠴᠤ᠂ ᠰᠢᠨ᠎ᠡ ᠬᠡᠪ ᠰᠤᠷᠲᠠᠯ ᠢ ᠰᠠᠶᠢᠲᠤᠷ ᠪᠣᠶ ᠪᠣᠯᠭᠠᠵᠤ᠂ ᠮᠠᠨ ᠤ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠨᠢᠭᠡᠳᠦᠮᠡᠯ ᠹᠷᠣᠨᠲ ᠤᠨ ᠠᠵᠢᠯ ᠨᠢ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠥᠮᠦᠰ ᠤᠨ ᠰᠡᠳᠬᠢᠯ ᠢ ᠪᠦᠯᠬᠦᠮᠳᠡᠭᠦᠯᠬᠦ᠂ ᠬᠦᠴᠦᠨ ᠴᠢᠳᠠᠯ ᠢ ᠨᠢᠭᠲᠠᠷᠠᠭᠤᠯᠬᠤ᠂ ᠬᠠᠮᠲᠤ ᠶᠢᠨ ᠲᠠᠨᠢᠯᠲᠠ ᠶᠢ ᠨᠡᠮᠡᠭᠳᠡᠭᠦᠯᠬᠦ ᠶᠢ ᠪᠠᠷᠢᠮᠲᠠᠯᠠᠵᠤ᠂ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠬᠠᠮᠤᠭ ᠤᠨ ᠥᠷᠭᠡᠨ ᠳᠡᠯᠭᠡᠷ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠵᠤ᠂ ᠵᠠᠬᠢᠳᠠᠯ ᠰᠣᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠ ᠶᠡᠷᠦᠩᠬᠡᠶᠢᠯᠡᠨ ᠵᠠᠰᠠᠬᠤ ᠲᠥᠪ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠲᠣᠭᠲᠠᠭᠤᠨ ᠤ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠮᠠᠨ ᠤ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠡᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠪᠠᠯᠭᠠᠰᠤᠨ ᠤ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠶᠡᠭᠡ ᠲᠠᠯ᠎ᠠ ᠳᠤ ᠦᠶ᠋ᠯᠡᠴᠢᠯᠡᠬᠦ ᠳᠤᠮᠳᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠡᠵᠡᠮᠳᠡᠵᠦ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠳᠤᠮᠳᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠠᠮ ᠤᠨ ᠪᠠᠶᠢᠭᠤᠯᠤᠯᠲᠠ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠶ᠋ᠯ ᠤᠨ ᠠᠵᠢᠯ ᠢ ᠦᠨᠡᠨ ᠬᠦ ᠬᠥᠲᠥᠯᠥᠨ ᠳᠠᠭᠠᠭᠤᠯᠬᠤ ᠬᠡᠷᠡᠭᠲᠡᠶ᠃ ᠪᠦᠬᠦ ᠪᠠᠯᠭᠠᠰᠤᠨ ᠤ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠪᠠᠶᠢᠭᠤᠯᠤᠯᠲᠠ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ︽ᠭᠤᠣᠯ ᠵᠢᠭᠰᠠᠭᠠᠯ ᠤᠨ ᠭᠠᠵᠠᠷ︾ ᠢ ᠰᠠᠬᠢᠵᠤ᠂ ︽ᠬᠠᠷᠢᠭᠤᠴᠠᠯᠭ᠎ᠠ ᠶᠢᠨ ᠲᠠᠷᠢᠶ᠎ᠠ︾ ᠶᠢ ᠰᠠᠶᠢᠲᠤᠷ ᠲᠠᠷᠢᠵᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠬᠤ᠂ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠪᠦᠬᠦ ᠪᠠᠯᠭᠠᠰᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ︽ᠠᠵᠢᠯᠯᠠᠬᠤ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠪᠦᠷᠢᠨ ᠪᠦᠲᠦᠨ ᠪᠠᠶᠢᠳᠠᠯ᠂ ᠬᠠᠮᠤᠭ ᠤᠨ ᠥᠨᠳᠥᠷ ᠪᠠᠷᠢᠮᠵᠢᠶ᠎ᠠ ᠪᠠᠷ ︽ᠰᠡᠳᠬᠢᠬᠦᠢ ᠶᠢ ᠨᠢ ᠲᠠᠶᠢᠯᠬᠤ︾ ᠬᠦᠴᠢᠷ ᠠᠰᠠᠭᠤᠳᠠᠯ ᠢ ᠴᠢᠳᠠᠮᠠᠭᠠᠢ ᠬᠡᠷᠡᠭᠯᠡᠨ ᠬᠥᠭᠵᠢᠯᠲᠡ ᠶᠢ ᠠᠬᠢᠭᠤᠯᠵᠤ᠂ ᠨᠡᠩ ᠤᠯᠠᠨ ︽ᠪᠣᠯᠣᠯᠴᠠᠭ᠎ᠠ ᠦᠭᠡᠢ︾ ᠶᠢ ︽ᠪᠣᠯᠤᠯᠴᠠᠭ᠎ᠠ︾ ᠪᠣᠯᠭᠠᠨ ᠬᠤᠪᠢᠷᠠᠭᠤᠯᠵᠤ᠂ ︽ᠬᠢᠵᠦ ᠳᠡᠶᠢᠯᠬᠦ ᠦᠭᠡᠢ︾ ᠶᠢ ︽ᠰᠠᠶᠢᠲᠤᠷ ᠡᠷᠬᠢᠯᠡᠬᠦ︾ ᠪᠣᠯᠭᠠᠨ ᠬᠤᠪᠢᠷᠠᠭᠤᠯᠵᠤ᠂ ᠦᠨᠡᠨᠬᠦ ᠰᠢᠨ᠎ᠡ ᠳᠦᠷᠰᠦ ᠪᠠᠶᠢᠳᠠᠯ᠂ ᠰᠢᠨ᠎ᠡ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠦᠢᠯᠡᠰ ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号