3 ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠶ ᠴᠦᠨ ᠯᠸᠢ ᠪᠦᠯᠬᠦᠮ ᠳᠠᠭᠠᠭᠤᠯᠤᠨ ᠵᠢᠶᠠᠩᠰᠦ | ᠮᠤᠵᠢ ᠶᠢᠨ ᠰᠦᠵᠧᠦ ᠬᠤᠲᠠ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠵᠦ᠂ ᠤᠷᠢᠳ | ᠬᠤᠵᠢᠳ ᠰᠦᠵᠧᠦ ᠶᠢᠨ ᠪᠥᠸᠧ ᠬᠤᠩ ᠶᠤᠸᠠᠨ ᠮᠠᠰᠢᠨ ᠦᠢᠯᠡᠳᠬᠦ ᠬᠢᠵᠠᠭᠠᠷᠲᠤ ᠺᠣᠮᠫᠠᠨᠢ ᠪᠣᠯᠤᠨ ᠶᠠᠩ ᠹᠠᠨ | ᠬᠠᠭᠠᠰ ᠳᠠᠮᠵᠢᠭᠤᠯᠤᠭᠴᠢ ︵ᠵᠢᠶᠠᠩᠰᠦ︶ ᠶᠢᠨ ᠬᠢᠵᠠᠭᠠᠷᠲᠤ ᠺᠣᠮᠫᠠᠨᠢ ᠶᠢ ᠰᠢᠨᠵᠢᠯᠡᠨ ᠪᠠᠶᠢᠴᠠᠭᠠᠭᠰᠠᠨ ᠪᠥᠭᠡᠳ ᠠᠵᠤ | ᠠᠬᠤᠶᠢᠯᠠᠯ ᠤᠨ ᠭᠤᠤᠯ ᠬᠠᠷᠢᠭᠤᠴᠠᠯᠭᠠᠲᠠᠨ ᠲᠠᠢ ᠲᠣᠰ ᠲᠣᠰ ᠰᠠᠨᠠᠯ ᠢᠶᠠᠨ ᠰᠣᠯᠢᠯᠴᠠᠵᠤ᠂ ᠬᠠᠮᠲᠤᠷᠠᠯᠴᠠᠭ᠎ᠠ ᠪᠠᠨ | ᠡᠷᠢᠯᠬᠢᠯᠡᠭᠰᠡᠨ ᠪᠠᠶᠢᠨ᠎ᠠ᠃ ᠲᠣᠭᠤᠷᠢᠭ ᠤᠨ ᠤᠳᠤᠷᠢᠳᠤᠯᠭ᠎ᠠ ᠯᠢᠦ ᠲᠢᠶᠠᠨ ᠴᠢᠩ ᠰᠢᠨᠵᠢᠯᠡᠨ ᠪᠠᠶᠢᠴᠠᠭᠠᠬᠤ ᠳᠤ | ᠣᠷᠣᠯᠴᠠᠪᠠ᠃ | ᠰᠦᠵᠧᠦ ᠶᠢᠨ ᠪᠥᠸᠧ ᠬᠤᠩ ᠶᠤᠸᠠᠨ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠳᠤ᠂ ᠪᠠᠢ ᠴᠦᠨ | ᠯᠸᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ᠂ ᠮᠡᠷᠭᠡᠵᠢᠯ ᠤᠨ ᠰᠢᠨ᠎ᠡ ᠶᠢ ᠡᠭᠦᠳᠬᠦ ᠵᠢᠴᠢ ᠵᠠᠬ᠎ᠠ | ᠳᠡᠯᠭᠡᠭᠦᠷ ᠢ ᠥᠷᠭᠡᠳᠬᠡᠭᠰᠡᠨ ᠪᠠᠶᠢᠳᠠᠯ ᠢ ᠨᠠᠷᠢᠨ ᠰᠢᠨᠵᠢᠯᠡᠨ ᠪᠠᠶᠢᠴᠠᠭᠠᠭᠰᠠᠨ ᠪᠥᠭᠡᠳ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠶᠠᠷᠢᠯᠴᠠᠬᠤ ᠬᠤᠷᠠᠯ ᠳᠡᠭᠡᠷ᠎ᠡ᠂ ᠬᠤᠶᠠᠷ | ᠲᠠᠯ᠎ᠠ ᠪᠠᠷ ᠢᠶᠠᠨ ᠳᠡᠭᠡᠳᠦ ᠲᠡᠰ ᠤᠨ ᠲᠣᠨᠣᠭᠯᠠᠯ ᠦᠢᠯᠡᠳᠬᠦ ᠠᠵᠤ ᠦᠢᠯᠡᠰ ᠤᠨ ᠲᠡᠰ ᠳᠡᠪᠰᠢᠬᠦ ᠪᠠ | ᠬᠥᠭᠵᠢᠯᠲᠡ ᠶᠢᠨ ᠲᠤᠬᠠᠢ ᠪᠡᠯᠡ ᠣᠷᠣᠭᠤᠯᠤᠯᠲᠠ ᠶᠢᠨ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ | ᠪᠠᠢ ᠴᠦᠨ ᠯᠸᠢ᠂ ᠤᠢᠢᠷ᠎ᠠ ᠶᠢᠨ ᠵᠢᠯ ᠠᠴᠠ ᠨᠠᠰᠢ᠂ ᠬᠠᠶᠢᠨᠠᠨ ᠲᠤᠭᠤᠷᠢᠭ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ | ᠢᠳᠡᠪᠬᠢᠲᠡᠢ ᠰᠦᠪᠡᠭᠴᠢᠯᠡᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠪᠦᠬᠦ | ᠲᠠᠯ᠎ᠠ ᠪᠠᠷ ᠡᠵᠡᠮᠳᠡᠵᠦ᠂ ᠭᠠᠵᠠᠷ ᠣᠷᠣᠨ ᠤ ᠤᠨᠴᠠᠯᠢᠬᠳᠤ ᠨᠥᠬᠦᠴᠡᠯ ᠪᠣᠯᠤᠨ ᠬᠠᠷᠢᠴᠠᠭᠤᠯᠤᠭᠰᠠᠨ | ᠳᠠᠪᠠᠭᠤᠯᠢᠭ ᠲᠠᠭᠠᠨ ᠲᠦᠰᠢᠭᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ | ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠪᠦᠯᠦᠭᠵᠢᠯ ᠢ ᠲᠦᠷᠭᠡᠨ ᠪᠠᠶᠢᠭᠤᠯᠵᠤ᠂ ᠬᠠᠶᠢᠨᠠᠨ ᠲᠣᠭᠤᠷᠢᠭ ᠲᠤ | ᠬᠦᠷᠴᠦ ᠪᠡᠯᠡ ᠣᠷᠣᠭᠤᠯᠤᠨ ᠦᠢᠯᠡᠰ ᠪᠤᠰᠬᠠᠬᠤ ᠳᠤ ᠶᠠᠭ ᠰᠠᠶᠢᠬᠠᠨ ᠴᠠᠭ ᠦᠶ᠎ᠡ ᠲᠠᠢ ᠲᠠᠭᠠᠷᠠᠯᠳᠤᠵᠤ᠂ ᠠᠯᠤᠰ | ᠢᠷᠡᠭᠡᠳᠦᠢ ᠥᠷᠭᠡᠨ ᠠᠭᠤᠳᠠᠮ ᠪᠠᠶᠢᠨ᠎ᠠ᠃ ᠠᠵᠤ ᠠᠬᠤᠶᠢᠯᠠᠯ ᠲᠠᠢ ᠲᠦᠷᠦᠯ ᠵᠦᠢᠯ ᠤᠨ ᠪᠡᠯᠡ ᠣᠷᠣᠭᠤᠯᠤᠯᠲᠠ᠂ | ᠮᠡᠷᠭᠡᠵᠢᠯ ᠤᠨ ᠰᠤᠳᠤᠯᠤᠨ ᠨᠡᠭᠡᠭᠡᠯᠲᠡ᠂ ᠵᠠᠬ᠎ᠠ ᠳᠡᠯᠭᠡᠭᠦᠷ ᠤᠨ ᠨᠡᠭᠡᠭᠡᠯᠲᠡ ᠵᠡᠷᠭᠡ ᠲᠠᠯ᠎ᠠ ᠪᠠᠷ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠬᠢᠵᠦ᠂ ᠭᠡᠷ᠎ᠡ ᠲᠣᠭᠲᠠᠭᠰᠠᠨ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠤᠨ ᠡᠷᠲᠡ | ᠠᠵᠢᠯ ᠡᠬᠢᠯᠡᠭᠦᠯᠬᠦ ᠶᠢ ᠬᠠᠮᠲᠤᠪᠠᠷ ᠠᠬᠢᠭᠤᠯᠵᠤ᠂ ᠨᠢᠭᠡ ᠪᠦᠯᠦᠭ ᠰᠢᠨ᠎ᠡ ᠲᠤᠮᠤ ᠲᠦᠷᠦᠯ ᠵᠦᠢᠯ᠂ ᠰᠠᠶᠢᠨ ᠲᠦᠷᠦᠯ | ᠵᠦᠢᠯ ᠢ ᠲᠥᠯᠥᠪᠵᠢᠭᠦᠯᠦᠨ ᠪᠠᠶᠢᠷᠢᠰᠢᠭᠤᠯᠵᠤ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ | ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠭᠠᠷ ᠬᠤᠯᠪᠣᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ | ᠭᠠᠷᠭᠠᠪᠠ᠃ | ᠶᠠᠩ ᠹᠠᠨ ᠬᠠᠭᠠᠰ ᠳᠠᠮᠵᠢᠭᠤᠯᠤᠭᠴᠢ ︵ᠵᠢᠶᠠᠩᠰᠦ︶ ᠶᠢᠨ ᠬᠢᠵᠠᠭᠠᠷᠲᠤ ᠺᠣᠮᠫᠠᠨᠢ ᠳᠤ᠂ ᠪᠠᠢ ᠴᠦᠨ ᠯᠸᠢ | ᠠᠵᠤ ᠠᠬᠤᠶᠢᠯᠠᠯ ᠤᠨ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ᠂ ᠴᠢᠫ ᠢ ᠦᠢᠯᠡᠳᠬᠦ ᠵᠡᠷᠭᠡ ᠲᠠᠯ᠎ᠠ ᠶᠢᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠣᠯᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠬᠤᠶᠠᠷ | ᠲᠠᠯ᠎ᠠ ᠪᠠᠷ ᠢᠶᠠᠨ ᠢᠷᠡᠭᠡᠳᠦᠢ ᠶᠢᠨ ᠬᠠᠮᠲᠤᠷᠠᠯᠴᠠᠭᠠᠨ ᠤ ᠪᠣᠳᠠᠲᠠᠢ ᠴᠢᠭᠯᠡᠯ᠂ ᠵᠠᠭᠪᠤᠷ ᠵᠢᠴᠢ ᠳᠠᠯᠳᠠ | ᠬᠠᠮᠲᠤᠷᠠᠯᠴᠠᠭᠠᠨ ᠤ ᠴᠡᠭ ᠤᠨ ᠲᠣᠭᠤᠷᠢᠨ ᠳᠤ ᠭᠦᠨᠵᠡᠭᠡᠢ ᠨᠠᠷᠢᠨ ᠰᠤᠳᠤᠯᠤᠨ ᠶᠠᠷᠢᠯᠴᠠᠪᠠ᠃ ᠪᠠᠢ ᠴᠦᠨ ᠯᠸᠢ᠂ | ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠤᠯᠭᠠᠭᠤᠷᠢᠯᠠᠬᠤ | ᠪᠠ ᠤᠯᠤᠰ ᠤᠨ ᠠᠮᠤᠷ ᠲᠦᠪᠰᠢᠨ ᠢ ᠪᠠᠲᠤᠯᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ ᠪᠠ | ᠤᠳᠤᠷᠢᠳᠤᠮᠵᠢ ᠶᠢᠨ ᠴᠢᠨᠠᠷᠲᠠᠢ ᠠᠵᠤ ᠦᠢᠯᠡᠰ ᠪᠣᠯᠤᠨ᠎ᠠ᠃ ᠠᠵᠤ ᠠᠬᠤᠶᠢᠯᠠᠯ ᠤᠨ ᠬᠢᠨ ᠮᠡᠷᠭᠡᠵᠢᠯ᠂ ᠴᠢᠳᠠᠪᠤᠷᠢᠲᠠᠨ | ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠤᠨ | ᠬᠡᠯᠬᠢᠶ᠎ᠡ ᠶᠢᠨ ᠳᠡᠭᠡᠳᠦ ᠳᠤᠤᠷᠠᠳᠤ ᠬᠡᠯᠬᠢᠶ᠎ᠡ ᠳᠤ ᠬᠠᠮᠲᠤᠷᠠᠯᠴᠠᠭᠠᠨ ᠤ ᠠᠵᠠ ᠲᠣᠬᠢᠶᠠᠯ ᠢ ᠡᠷᠢᠯᠬᠢᠯᠡᠵᠦ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠬᠦᠷᠳᠡᠬᠦ᠂ ᠬᠠᠮᠲᠤ ᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ | ᠭᠡᠵᠦ ᠵᠢᠭᠠᠵᠤ ᠭᠠᠷᠭᠠᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠳᠡᠪᠬᠢᠲᠡᠶ ᠪᠠᠷ ᠬᠠᠮᠲᠤᠷᠠᠯᠴᠠᠬᠤ ᠬᠦᠰᠡᠯ | ᠰᠠᠨᠠᠭ᠎ᠠ ᠪᠠᠨ ᠢᠯᠡᠳᠬᠡᠵᠦ᠂ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠮᠠᠨ ᠤ | ᠲᠣᠭᠤᠷᠢᠭ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠮᠲᠤᠷᠠᠯᠴᠠᠭᠠᠨ ᠤ | ᠲᠥᠷᠥᠯ ᠵᠦᠢᠯ ᠢ ᠨᠠᠷᠢᠯᠢᠭ ᠣᠨᠣᠴᠠᠲᠠᠶ ᠪᠠᠷ ᠲᠥᠯᠥᠪᠵᠢᠭᠦᠯᠵᠦ᠂ ᠬᠠᠶᠢᠨᠠᠨ ᠲᠣᠭᠤᠷᠢᠭ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ |