ᠯᠢᠦ ᠪᠦᠦ ᠴᠧᠩ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/4
      3 ᠰᠠᠷ᠎ᠠ ᠶᠢᠨ 3 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠰᠢᠤ ᠹᠠᠩ᠂ ᠮᠠ ᠺᠠᠶ ᠣᠷᠣᠯᠴᠠᠵᠠᠶ᠃      ᠬᠠᠶᠢᠨᠠᠨ ᠲᠣᠭᠤᠷᠢᠭ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠶᠡᠭᠡ ᠲᠢᠩᠬᠢᠮ᠂ ᠶᠢᠨ ᠬᠠᠶ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠡᠳᠦᠷ ᠤᠨ ᠬᠦᠴᠦᠨ ᠤ ᠵᠠᠬ᠎ᠠ ᠳᠡᠯᠭᠡᠭᠦᠷ᠂ ᠶᠦᠨ ᠪᠥᠸᠧ ᠬᠢᠮᠢ ᠶᠢᠨ ᠠᠵᠤ ᠦᠢᠯᠡᠳᠪᠦᠷᠢ ᠶᠢᠨ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠯᠢᠦ ᠪᠦᠦ ᠴᠧᠩ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠠᠷ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠦᠢᠯᠡᠴᠢᠯᠡᠭᠡᠨ ᠤ ᠪᠠᠲᠤᠯᠠᠭ᠎ᠠ ᠵᠢᠴᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ᠂ ᠠᠵᠤ ᠦᠢᠯᠡᠰ ᠤᠨ ᠠᠵᠢᠯᠴᠢᠨ ᠤ ᠪᠣᠯᠪᠠᠰᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠪᠣᠯᠤᠨ ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠢᠯᠡᠴᠢᠯᠡᠭᠡᠨ ᠤ ᠲᠣᠭᠲᠠᠴᠠ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠨᠡᠩ ᠤᠯᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠠᠵᠢᠯ ᠣᠯᠭᠤᠯᠲᠠ ᠶᠢᠨ ᠦᠢᠯᠡᠴᠢᠯᠡᠭᠡ ᠶᠢ ᠬᠠᠩᠭᠠᠵᠤ᠂ ᠠᠵᠤ ᠠᠬᠤᠶᠢᠯᠠᠯ ᠪᠣᠯᠤᠨ ᠠᠵᠢᠯ ᠡᠷᠢᠭᠰᠡᠳ ᠤᠨ ᠬᠤᠭᠤᠷᠣᠨᠳᠣᠬᠢ ᠮᠡᠳᠡᠭᠡ ᠵᠠᠩᠭᠢ ᠶᠢᠨ ᠪᠠᠬᠢᠯᠡᠯᠲᠡ ᠶᠢ ᠡᠪᠳᠡᠵᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠪᠦᠲᠦᠮᠵᠢᠲᠡᠢ ᠠᠬᠢᠭᠤᠯᠵᠤ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠷᠰᠠᠷ ᠠᠵᠢᠯ ᠣᠯᠭᠤᠯᠲᠠ ᠶᠢᠨ ᠦᠢᠯᠡᠴᠢᠯᠡᠭᠡ ᠶᠢ ᠴᠢᠩᠭᠠᠳᠬᠠᠵᠤ᠂ ᠤᠯᠠᠨ ᠲᠦᠮᠡᠨ ᠤ ᠠᠵᠢᠯ ᠣᠯᠭᠤᠯᠲᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠴᠢᠨ ᠡᠯᠰᠡᠬᠦ ᠦᠢᠯᠡᠴᠢᠯᠡᠭᠡ ᠶᠢ ᠰᠠᠶᠢᠲᠤᠷ ᠠᠳᠬᠤᠵᠤ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠦᠨᠡᠨ ᠬᠦ ᠠᠵᠢᠯᠴᠢᠨ ᠬᠡᠷᠡᠭᠯᠡᠬᠦ ᠳᠤ ᠰᠠᠨᠠᠭ᠎ᠠ ᠠᠮᠤᠷ᠂ ᠠᠵᠢᠯ ᠣᠯᠭᠤᠯᠲᠠ ᠳᠤ ᠰᠠᠨᠠᠭ᠎ᠠ ᠠᠮᠤᠷ᠂ ᠤᠯᠠᠨ ᠲᠦᠮᠡᠨ ᠤ ᠰᠡᠳᠬᠢᠯ ᠵᠢᠷᠦᠬᠡ ᠶᠢ ᠠᠮᠤᠷᠵᠢᠭᠤᠯᠬᠤ ᠠᠵᠢᠯ ᠣᠯᠭᠤᠯᠲᠠ ᠶᠢᠨ ᠲᠠᠪᠴᠠᠩ ᠪᠣᠯᠭᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨ ᠬᠦ ᠪᠣᠳᠠᠲᠠᠢ ᠰᠠᠶᠢᠲᠤᠷ ᠬᠢᠬᠦ ᠬᠡᠷᠡᠭᠲᠡᠢ᠃ ᠨᠡᠶᠢᠭᠡᠮ ᠲᠣᠭᠤᠷᠢᠭ ᠤᠨ ᠤᠯᠠᠨ ᠲᠦᠮᠡᠨ ᠲᠠᠢ ᠤᠢᠢᠷᠠᠳᠤᠭᠰᠠᠨ ᠳᠠᠪᠠᠭᠤᠯᠢᠭ ᠢ ᠪᠠᠳᠠᠷᠠᠭᠤᠯᠵᠤ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢᠨ ᠪᠠᠶᠢᠳᠠᠯ᠂ ᠠᠵᠢᠯ ᠣᠯᠭᠤᠯᠲᠠ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠡᠵᠡᠮᠰᠢᠵᠦ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠦᠨᠳᠦᠰᠦᠨ ᠱᠠᠲᠤᠨ ᠤ ᠥᠨᠴᠥᠭ ᠪᠤᠯᠤᠩ ᠨᠢᠭᠡᠪᠦᠷᠢ ᠳᠤ ᠬᠦᠷᠲᠡᠯ᠎ᠡ ᠥᠷᠭᠡᠳᠬᠡᠵᠦ᠂ ᠤᠯᠠᠨ ᠲᠦᠮᠡᠨ ᠤ ︽ᠭᠡᠷ ᠤᠨ ᠡᠭᠦᠳᠡ︾ ᠶᠢᠨ ᠠᠵᠢᠯ ᠣᠯᠭᠤᠯᠲᠠ ᠳᠤ ᠨᠡᠩ ᠤᠯᠠᠨ ᠲᠦᠬᠦᠮ ᠨᠥᠬᠦᠴᠡᠯ ᠪᠦᠷᠢᠯᠳᠦᠭᠦᠯᠦᠨ᠂ ︽ᠭᠡᠷ ᠤᠨ ᠡᠭᠦᠳᠡ︾ ᠶᠢᠨ ᠤᠢᠢᠷ᠎ᠠ ᠬᠠᠪᠢ ᠳᠠᠭᠠᠨ ᠠᠵᠢᠯ ᠣᠯᠵᠤ᠂ ᠲᠣᠭᠲᠠᠭᠤᠨ ᠢᠶᠠᠷ ᠠᠵᠢᠯ ᠤᠯᠬᠤ ᠶᠢ ᠪᠡᠶᠡᠯᠡᠭᠦᠯᠬᠦ ᠬᠡᠷᠡᠭᠲᠡᠢ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠨᠠᠭᠰᠢᠳᠠ ᠴᠢᠩᠭᠠᠳᠬᠠᠵᠤ᠂ ᠪᠣᠯᠪᠠᠰᠤᠷᠠᠯ ᠤᠨ ᠲᠦᠷᠦᠯ ᠵᠦᠢᠯ ᠪᠣᠯᠤᠨ ᠬᠢᠴᠢᠶᠡᠯ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠨᠡᠩ ᠤᠯᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠴᠢᠳᠠᠪᠤᠷᠢᠲᠠᠨ ᠪᠣᠯᠤᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢ ᠵᠡᠷᠭᠡᠪᠡᠷ ᠠᠬᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠲᠠᠰᠤᠷᠠᠯᠲᠠ ᠦᠭᠡᠢ ᠴᠢᠨᠠᠷ ᠰᠠᠶᠢᠲᠠᠢ ᠴᠢᠳᠠᠪᠤᠷᠢᠲᠠᠨ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号