3 ᠳ᠋ᠤᠭᠠᠷ ᠰᠠᠷ᠎ᠠ ᠶᠢᠨ 5 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠴᠦᠨ ᠯᠸᠢ ᠬᠠᠶᠢᠨᠠᠨ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ ᠤᠨ ᠭᠤᠤᠯᠳᠠᠯᠭ᠎ᠠ ᠲᠠᠢ ᠲᠥᠷᠥᠯ | ᠵᠦᠢᠯ ᠤᠨ ᠶᠡᠷᠦᠩᠬᠡᠶ ᠪᠠᠶᠢᠳᠠᠯ ᠢ ᠮᠡᠳᠡᠭᠳᠡᠵᠦ᠂ ᠬᠤᠯᠪᠣᠭᠳᠠᠯ ᠪᠥᠬᠦᠶ ᠠᠵᠢᠯ ᠤᠨ ᠠᠬᠢᠴᠠ ᠶᠢᠨ ᠪᠠᠶᠢᠳᠠᠯ ᠢ | ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠯᠢᠦ ᠲᠢᠶᠠᠨ ᠴᠢᠩ᠂ ᠸᠠᠩ ᠶᠦᠩ ᠱᠧᠩ᠂ ᠶᠠᠩ ᠽᠧ ᠢᠦᠢ | ᠣᠷᠣᠯᠴᠠᠪᠠ᠃ | ᠬᠤᠷᠠᠯ ᠠᠴᠠ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠣᠯ ᠥᠪᠡᠷᠲᠡᠭᠡᠨ ᠵᠠᠰᠠᠬᠤ | ᠣᠷᠣᠨ ᠤ ᠲᠣᠭᠲᠠᠭᠠᠭᠰᠠᠨ ︽ᠵᠢᠷᠭᠤᠭᠠᠨ ᠠᠵᠢᠯᠯᠠᠭ᠎ᠠ︾ ᠶᠢᠨ ᠨᠢᠭᠡ ᠪᠣᠯᠤᠨ᠎ᠠ᠂ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ︽ᠲᠥᠷᠥᠯ ᠵᠦᠢᠯ ᠢᠶᠠᠷ ᠭᠤᠤᠯ ᠪᠣᠯᠭᠠᠬᠤ︾ ᠣᠨᠣᠯᠵᠢᠬᠤᠨ ᠢ ᠪᠠᠲᠤ ᠪᠠᠬᠢ | ᠪᠣᠶ ᠪᠣᠯᠭᠠᠵᠤ᠂ ᠭᠠᠷᠳᠠᠮ ᠢ ᠭᠦᠢᠴᠡᠳᠭᠡᠬᠦ ᠶᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠤᠷᠢᠳᠠᠴᠢ | ᠰᠢᠲᠠᠷ᠎ᠠ︾ ᠪᠣᠯᠭᠠᠵᠤ᠂ ᠬᠡᠪ ᠤᠨ ᠪᠤᠰᠤ ᠠᠷᠭ᠎ᠠ ᠬᠡᠮᠵᠢᠶ᠎ᠡ ᠪᠠᠷ ᠲᠦᠭᠵᠢᠷᠡᠯ ᠢ ᠨᠡᠪᠲᠡᠷᠡᠭᠦᠯᠵᠦ᠂ ᠪᠣᠶ ᠪᠥᠬᠦᠶ ᠲᠥᠷᠥᠯ | ᠵᠦᠢᠯ ᠤᠨ ᠭᠠᠷᠳᠠᠮ ᠢ ᠭᠦᠢᠴᠡᠳᠬᠡᠪᠡᠰᠦ ᠵᠣᠬᠢᠬᠤ ᠶᠢ ᠨᠢ ᠪᠦᠬᠦᠨ ᠢ ᠭᠦᠢᠴᠡᠳᠬᠡᠵᠦ᠂ ᠲᠣᠳᠣᠷᠬᠠᠶ ᠪᠣᠯᠭᠠᠬᠤ ᠶᠢ | ᠦᠨᠡᠨᠬᠦ ᠪᠠᠲᠤᠯᠠᠬᠤ ᠬᠡᠷᠡᠭᠲᠡᠶ᠃ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ | ᠵᠦᠢᠯ ᠤᠨ ᠠᠬᠢᠴᠠ ᠶᠢ ᠬᠢᠵᠠᠭᠠᠷᠯᠠᠵᠤ ᠪᠠᠶᠢᠭ᠎ᠠ ᠭᠤᠣᠯ ᠵᠠᠩᠭᠢᠯᠠᠭ᠎ᠠ ᠳᠤ ᠴᠢᠭᠯᠡᠭᠦᠯᠦᠨ᠂ ᠦᠢᠯᠡᠴᠢᠯᠡᠭᠡ ᠪᠠᠨ | ᠦᠷᠭᠦᠯᠵᠢᠯᠡᠨ ᠰᠢᠯᠢᠳᠡᠭᠵᠢᠭᠦᠯᠵᠦ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠢᠳᠡᠪᠬᠢᠲᠡᠢ ᠪᠠᠷ ᠳᠡᠭᠡᠭᠰᠢ | ᠵᠣᠯᠭᠠᠭᠤᠯᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ | ᠲᠦᠷᠦᠯ ᠵᠦᠢᠯ ᠤᠨ ᠬᠦᠴᠢᠷᠳᠡᠯ ᠢ ᠰᠢᠢᠳᠪᠦᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠯᠢ | ᠲᠦᠷᠭᠡᠨ ᠢᠶᠠᠷ ᠰᠢᠪᠲᠤᠯᠤᠯᠲᠠ ᠶᠢᠨ ᠴᠢᠨᠠᠷᠲᠠᠢ ᠠᠬᠢᠴᠠ ᠪᠠ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ | ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠲᠤᠰ ᠲᠤᠰ ᠤᠨ | ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠰᠠᠶᠢᠲᠤᠷ ᠠᠳᠬᠤᠵᠤ᠂ ᠡᠯᠧᠮᠧᠨ᠋ᠲ ᠤᠨ ᠪᠠᠲᠤᠯᠠᠭ᠎ᠠ ᠶᠢ ᠨᠢᠭᠡᠳᠦᠯᠲᠡᠢ ᠲᠥᠯᠥᠪᠵᠢᠭᠦᠯᠬᠦ ᠵᠢᠴᠢ ᠡᠯᠧᠮᠧᠨ᠋ᠲ ᠤᠨ | ᠪᠠᠲᠤᠯᠠᠭ᠎ᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠦᠴᠦᠯᠡᠨ ᠴᠢᠩᠭᠠᠳᠬᠠᠵᠤ᠂ ᠲᠦᠷᠦᠯ ᠵᠦᠢᠯ | ᠨᠢᠭᠡᠪᠦᠷᠢ ᠶᠢ ᠨᠠᠶᠢᠳᠠᠪᠤᠷᠢᠵᠢᠭᠤᠯᠵᠤ᠂ ᠪᠠᠶᠢᠭᠤᠯᠵᠤ ᠳᠡᠶᠢᠯᠬᠦ ᠶᠢ ᠪᠠᠲᠤᠯᠠᠵᠤ᠂ ᠪᠦᠬᠦ ᠲᠤᠭᠤᠷᠢᠭ ᠤᠨ ᠲᠦᠷᠦᠯ | ᠵᠦᠢᠯ ᠤᠨ ᠪᠡᠯᠡ ᠣᠷᠣᠭᠤᠯᠤᠯᠲᠠ ᠶᠢᠨ ᠠᠵᠢᠯᠯᠠᠭᠠᠨ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ | ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ | ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠡᠯ᠎ᠡ ᠬᠦᠷᠢᠶᠡᠨ ᠤ ᠠᠮᠠᠷᠬᠠᠨ ᠡᠭᠦᠰᠴᠦ ᠤᠯᠠᠨ ᠡᠭᠦᠰᠬᠦ ᠠᠮᠢ | ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠢᠩᠭ᠎ᠠ ᠠᠩᠬᠠᠷᠴᠤ᠂ ᠬᠦᠴᠦᠲᠡᠢ ᠬᠠᠮᠢᠶᠠᠷᠤᠨ ᠡᠵᠡᠮᠳᠡᠵᠦ᠂ | ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠴᠤ᠂ ᠯᠠᠪᠳᠠᠭᠤᠨ ᠪᠠᠲᠤᠲᠠᠢ ᠠᠵᠢᠯ ᠤᠨ ᠠᠷᠭ᠎ᠠ ᠬᠡᠮᠵᠢᠶ᠎ᠡ ᠪᠣᠯᠤᠨ | ᠦᠷ᠎ᠡ ᠪᠦᠲᠦᠮᠵᠢ ᠪᠠᠷ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠡᠭᠡᠯᠵᠢ ᠶᠢᠨ | ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠬᠤ ᠬᠡᠷᠡᠭᠲᠡᠢ᠃ ᠨᠡᠭᠦᠷᠡᠰᠦᠨ ᠠᠭᠤᠷᠬᠠᠢ ᠶᠢ ᠨᠡᠶᠢᠳᠬᠡᠬᠦ᠂ ᠨᠡᠭᠦᠷᠡᠰᠦᠨ ᠤ | ᠪᠤᠰᠤ ᠠᠭᠤᠷᠬᠠᠢ ᠶᠢ ᠨᠡᠶᠢᠳᠬᠡᠬᠦ ᠶᠢ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ | ᠲᠣᠩᠭᠤᠷᠠᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠬᠠᠮᠢᠶ᠎ᠠ ᠪᠦᠬᠦᠢ ᠲᠥᠰᠦᠯ ᠢ | ᠨᠠᠶᠢᠷᠠᠭᠤᠯᠤᠨ ᠵᠣᠬᠢᠶᠠᠬᠤ ᠶᠢ ᠲᠦᠷᠭᠡᠳᠬᠡᠵᠦ᠂ ᠨᠡᠶᠢᠳᠬᠡᠬᠦ ᠠᠵᠢᠯ ᠤᠨ ᠳᠤᠮᠳᠠ ᠲᠤᠯᠭᠠᠷᠠᠭᠰᠠᠨ ᠡᠯ᠎ᠡ ᠲᠦᠷᠦᠯ ᠤᠨ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢ | ᠵᠢᠷᠤᠮ ᠲᠠᠢ ᠨᠡᠭᠡᠭᠡᠨ ᠬᠥᠭᠵᠢᠭᠦᠯᠬᠦ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠡᠢ᠃ | |