3 ᠰᠠᠷ᠎ᠠ ᠶᠢᠨ 31 ᠤ ᠡᠳᠦᠷ᠂ ᠷᠠᠰᠠᠩ ᠰᠦᠮ᠎ᠡ ᠪᠠᠯᠭᠠᠰᠤ 2025 ᠣᠨ ᠤ ᠪᠥᠬᠦ ᠪᠠᠯᠭᠠᠰᠤᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ | ᠶᠤᠸᠠᠢ ᠯᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠪᠠᠯᠭᠠᠰᠤᠨ ᠤ ᠳᠠᠷᠤᠭ᠎ᠠ ᠯᠢᠦᠶ ᠶᠠᠩ ᠬᠤᠷᠠᠯ ᠡᠷᠭᠢᠯᠡᠪᠡ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ | ᠪᠦᠬᠦ ᠪᠦᠷᠢᠯᠳᠦᠬᠦᠨ᠂ ᠪᠠᠯᠭᠠᠰᠤᠨ ᠤ ᠬᠠᠷᠢᠶ᠎ᠠ ᠡᠯ᠎ᠡ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠲᠣᠰᠬᠤᠨ ᠤ ︽ᠬᠤᠶᠠᠷ ᠵᠥᠪᠯᠡᠯ︾ | ᠤᠨ ᠪᠦᠷᠢᠯᠳᠦᠬᠦᠨ᠂ ᠪᠠᠯᠭᠠᠰᠤᠨ ᠤ ᠪᠠᠶᠢᠭᠤᠯᠤᠯᠭ᠎ᠠ ᠶᠢᠨ ᠪᠦᠬᠦ ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃ | ᠬᠤᠷᠠᠯ ᠠᠴᠠ 2025 ᠣᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ | ᠬᠠᠤᠯᠢ ᠴᠠᠭᠠᠵᠠ ᠶᠢᠨ ᠬᠠᠮᠢᠶ᠎ᠠ ᠪᠥᠬᠦᠶ ᠬᠤᠷᠠᠯ ᠪᠠ ᠬᠠᠶᠢᠨᠠᠨ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠡᠯ᠎ᠡ ᠵᠦᠢᠯ ᠤᠨ | ᠠᠵᠢᠯ ᠢᠶᠠᠨ ᠡᠷᠭᠢᠴᠡᠭᠦᠯᠦᠨ ᠳ᠋ᠦᠩᠨᠡᠵᠦ᠂ 2025 ᠣᠨ ᠤ ᠭᠤᠤᠯᠳᠠᠯᠭ᠎ᠠ ᠲᠠᠢ ᠠᠵᠢᠯ ᠢᠶᠠᠨ ᠳᠣᠭᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ ᠡᠨᠡ ᠵᠢᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ | ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠰᠦᠪᠯᠡᠬᠦ ᠵᠠᠩᠭᠢᠯᠠᠭ᠎ᠠ ᠶᠢᠨ ᠦᠶ᠎ᠡ ᠳᠤ | ᠣᠷᠣᠰᠢᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠨᠢ ᠨᠡᠩ ᠴᠢᠬᠤᠯᠠ ᠶᠤᠮ᠃ ᠵᠣᠬᠢᠶᠠᠨ | ᠪᠠᠶᠢᠭᠤᠯᠬᠤ ᠠᠵᠢᠯ ᠨᠢ ᠤᠯᠤᠰ ᠲᠦᠷᠦ᠂ ᠵᠣᠬᠢᠶᠠᠨ ᠪᠠᠶᠢᠭᠤᠯᠤᠯᠲᠠ᠂ ᠡᠩᠨᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠰᠢᠨ᠎ᠡ ᠶᠢ ᠡᠭᠦᠳᠦᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ | ᠳᠠᠭᠠᠭᠤᠯᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠭ᠎ᠠ ᠶᠢᠨ ᠠᠵᠢᠯ ᠳᠤ ᠦᠵᠡᠯ ᠰᠠᠨᠠᠭᠠᠨ ᠤ | ᠵᠢᠯᠣᠭᠤᠳᠤᠮᠵᠢ ᠶᠢ ᠴᠢᠩᠭᠠᠳᠬᠠᠵᠤ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠦᠵᠡᠯ | ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ | ᠠᠵᠢᠯ ᠨᠢ ᠡᠯ᠎ᠡ ᠲᠦᠷᠦᠯ ᠤᠨ ᠲᠠᠪᠴᠠᠩ ᠢ ᠰᠠᠶᠢᠲᠤᠷ ᠠᠰᠢᠭᠯᠠᠨ ᠲᠦᠷᠦ ᠶᠢᠨ ᠨᠠᠮ ᠤᠨ ᠵᠥᠪᠯᠡᠯᠭᠡ ᠶᠢ ᠠᠬᠢᠭᠤᠯᠵᠤ᠂ | ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠱᠠᠰᠢᠨ ᠰᠤᠷᠲᠠᠬᠤᠨ ᠤ | ᠡᠶ᠎ᠡ ᠵᠣᠬᠢᠴᠠᠩᠭᠤᠢ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠠᠵᠢᠯ ᠨᠢ ᠤᠯᠤᠰ ᠲᠦᠷᠦ ᠶᠢᠨ ᠡᠭᠦᠷᠭᠡᠯᠡᠯ ᠢᠶᠠᠨ | ᠴᠢᠩᠭᠠᠳᠬᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠣᠭᠲᠠᠭᠤᠨ | ᠪᠠᠶᠢᠳᠠᠯ ᠢ ᠬᠠᠮᠠᠭᠠᠯᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠴᠦ᠂ ᠵᠥᠷᠢᠴᠡᠯ ᠢ ᠠᠷᠢᠯᠭᠠᠬᠤ | ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠ ᠤᠶᠤᠨᠴᠢᠯᠠᠬᠤ | ᠪᠠᠶᠢᠭᠤᠯᠤᠯᠲᠠ ᠶᠢ ᠴᠢᠬᠤᠯᠠᠴᠢᠯᠠᠵᠤ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ᠂ ᠪᠣᠳᠠᠲᠤ | ᠴᠣᠭᠴᠠᠵᠢᠭᠤᠯᠤᠨ ᠠᠵᠢᠯᠯᠠᠭᠤᠯᠬᠤ ᠶᠢ ᠠᠬᠢᠭᠤᠯᠵᠤ᠂ ᠬᠠᠤᠯᠢᠵᠢᠯ ᠤᠨ ᠤᠬᠠᠭᠤᠯᠭ᠎ᠠ ᠶᠢ ᠴᠢᠩᠭᠠᠳᠬᠠᠵᠤ᠂ ᠠᠮᠤᠷ | ᠠᠮᠤᠭᠤᠯᠠᠩ ᠤᠨ ᠪᠠᠶᠢᠭᠤᠯᠤᠯᠲᠠ ᠳᠤ ᠰᠠᠶᠢᠨ ᠰᠠᠶᠢᠬᠠᠨ ᠬᠠᠤᠯᠢᠵᠢᠯ ᠤᠨ ᠣᠷᠴᠢᠨ ᠲᠣᠭᠤᠷᠢᠨ ᠢ ᠪᠤᠢ ᠪᠣᠯᠭᠠᠬᠤ | ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠪᠥᠬᠦ ᠪᠠᠯᠭᠠᠰᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠡᠷᠬᠡᠪᠰᠢ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠭᠤᠤᠯ | ᠠᠵᠢᠯ ᠲᠠᠢ ᠨᠢᠭᠲᠠ ᠤᠶᠠᠯᠳᠤᠭᠤᠯᠵᠤ᠂ ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠨᠠᠶᠢᠳᠠᠪᠤᠷᠢᠵᠢᠭᠤᠯᠵᠤ᠂ | ᠵᠡᠷᠭᠡ ᠪᠠᠷ ᠬᠢᠨᠠᠨ ᠰᠢᠯᠭᠠᠬᠤ ᠬᠡᠷᠡᠭᠲᠡᠶ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢ ᠨᠠᠮ ᠤᠨ | ᠪᠠᠶᠢᠭᠤᠯᠤᠯᠲᠠ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠪᠠᠨ | ᠦᠨᠡᠨ ᠬᠦ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ | ᠬᠡᠷᠡᠭᠲᠡᠢ᠃ ᠡᠯ᠎ᠡ ᠲᠣᠰᠬᠤᠨ᠂ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠠᠮᠵᠢᠯᠴᠠᠵᠤ᠂ ᠵᠡᠷᠭᠡᠪᠡᠷ ᠠᠳᠬᠤᠵᠤ | ᠬᠠᠮᠲᠤᠪᠠᠷ ᠬᠠᠮᠢᠶᠠᠷᠬᠤ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠨᠠᠮ ᠤᠨ ᠪᠠᠶᠢᠭᠤᠯᠤᠯᠲᠠ ᠶᠢᠨ | ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠨᠢᠭᠡ ᠱᠠᠳᠤ ᠨᠢ ᠨᠢᠭᠡ ᠱᠠᠳᠤ ᠪᠠᠨ | ᠠᠳᠬᠤᠵᠤ᠂ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠪᠦᠬᠦ ᠪᠠᠯᠭᠠᠰᠤᠨ ᠤ ᠨᠠᠮ ᠤᠨ | ᠪᠠᠶᠢᠭᠤᠯᠤᠯᠲᠠ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ |