3 ᠰᠠᠷ᠎ᠠ ᠶᠢᠨ 31 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠪᠥᠬᠦ | ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ | ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠮᠠ ᠺᠠᠢ ᠣᠷᠣᠯᠴᠠᠵᠠᠢ᠃ | ᠯᠢᠦ ᠪᠦᠦ ᠴᠧᠩ ᠨᠠᠷ ᠤᠷᠢᠳ ᠬᠤᠵᠢᠳ ᠥᠪᠥᠷ ᠮᠣᠩᠭᠤᠯ ᠤᠨ ᠬᠤᠸᠠ ᠵᠢᠤᠢ ᠳᠠᠬᠢᠯᠲᠠ ᠡᠬᠢ ᠪᠠᠶᠠᠯᠢᠭ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠾᠧ ᠯᠢ ᠬᠢᠮᠢ ᠶᠢᠨ ᠰᠢᠷᠬᠡᠭᠯᠢᠭ ︵ᠪᠦᠯᠦᠭᠯᠡᠯ︶ ᠤᠨ ᠬᠢᠵᠠᠭᠠᠷᠲᠤ ᠺᠣᠮᠫᠠᠨᠢ᠂ | ᠴᠢᠩ ᠯᠢ ᠱᠦᠢᠨᠢ ᠶᠢᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ᠂ ᠤᠯᠤᠰ ᠤᠨ ᠡᠨᠧᠷᠭᠢ ᠶᠢᠨ ᠪᠦᠯᠦᠭᠯᠡᠯ ᠤᠨ | ᠨᠡᠭᠦᠷᠡᠰᠦ ᠬᠡᠦᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢ ᠯᠠᠢ ᠹᠧᠩ ᠬᠤᠪᠢᠶᠠᠷᠢ ᠺᠣᠮᠫᠠᠨᠢ ᠳᠤ | ᠬᠦᠷᠴᠦ᠂ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠭᠤᠣᠯᠳᠠᠯᠭ᠎ᠠ ᠲᠠᠢ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠪᠣᠯ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠤᠬᠢᠷᠠᠭᠤᠯᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠴᠢᠬᠤᠯᠠ ᠭᠠᠷᠳᠠᠴᠠ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠡᠯᠧᠮᠧᠨ᠋ᠲ ᠤᠨ | ᠪᠠᠲᠤᠯᠠᠭ᠎ᠠ ᠶᠢ ᠴᠢᠩᠭᠠᠳᠬᠠᠵᠤ᠂ ᠡᠯ᠎ᠡ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ᠂ | ᠲᠦᠭᠵᠢᠷᠡᠯ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠴᠢᠬᠤᠯᠠ ᠶᠡᠭᠡ ᠲᠦᠷᠦᠯ ᠵᠦᠢᠯ ᠢ | ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠤ᠂ ᠪᠦᠬᠦ ᠲᠤᠭᠤᠷᠢᠭ ᠤᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ ᠠᠵᠤ ᠠᠬᠤᠶᠢᠯᠠᠯ ᠤᠨ ᠬᠢᠨ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠠᠶᠤᠯᠭᠦᠢ | ᠦᠢᠯᠡᠳᠪᠦᠷᠢᠯᠡᠯ ᠢ ᠴᠢᠩᠭ᠎ᠠ ᠠᠳᠬᠤᠵᠤ᠂ ᠪᠠᠷᠢᠯᠭ᠎ᠠ ᠪᠠᠷᠢᠬᠤ ᠲᠥᠯᠥᠪᠯᠡᠭᠡ ᠪᠠᠨ ᠰᠢᠨᠵᠢᠯᠡᠬᠦ ᠤᠬᠠᠭᠠᠨᠴᠢ ᠪᠠᠷ | ᠲᠣᠭᠲᠠᠭᠠᠵᠤ᠂ ᠬᠥᠮᠦᠨ ᠮᠠᠰᠢᠨ ᠤ ᠬᠦᠴᠦᠨ ᠢᠶᠠᠨ ᠭᠦᠢᠴᠡᠳ ᠪᠠᠳᠠᠷᠠᠭᠤᠯᠵᠤ᠂ ᠶᠠᠰᠤ ᠴᠢᠨᠠᠷ ᠪᠣᠯᠤᠨ ᠠᠮᠤᠷ | ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠡᠮᠬᠢ ᠵᠢᠷᠤᠮ ᠲᠠᠢ ᠬᠡᠷᠡᠭᠵᠢᠭᠦᠯᠦᠭᠳᠡᠬᠦ ᠶᠢ | ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃ ᠪᠠᠷᠠᠭᠠᠯᠬᠢᠯᠠᠯ ᠤᠨ ᠴᠢᠨᠠᠷᠲᠠᠢ ᠲᠥᠯᠥᠪᠵᠢᠭᠦᠯᠭᠡ ᠶᠢ | ᠴᠢᠩᠭᠠᠳᠬᠠᠵᠤ᠂ ᠠᠵᠤ ᠦᠢᠯᠡᠰ ᠤᠨ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ ᠵᠡᠷᠭᠡ ᠠᠵᠢᠯ ᠢ | ᠰᠠᠶᠢᠲᠤᠷ ᠬᠢᠵᠦ᠂ ᠵᠠᠬ᠎ᠠ ᠳᠡᠯᠭᠡᠭᠦᠷ ᠢ ᠭᠦᠨᠵᠡᠭᠡᠢ ᠥᠷᠭᠡᠳᠬᠡᠵᠦ᠂ ᠭᠤᠣᠯᠯᠠᠭᠴᠢ ᠦᠷᠢᠰᠦᠯᠳᠦᠬᠦ ᠬᠦᠴᠦᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠤᠵᠠᠭᠠᠶᠢᠷᠠᠨ ᠰᠢᠯᠢᠳᠡᠭᠵᠢᠵᠦ ᠬᠦᠴᠦᠷᠬᠡᠭᠵᠢᠬᠦ ᠶᠢ | ᠠᠬᠢᠭᠤᠯᠬᠤ ᠬᠡᠷᠡᠭᠲᠡᠢ ᠭᠡᠵᠡᠢ᠃ | | | |