ᠯᠢᠦ ᠪᠦᠦ ᠴᠧᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/10
      4 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢᠦ ᠪᠦᠦ ᠴᠧᠩ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠬᠠᠶᠢᠨᠠᠨ ᠲᠣᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠭᠠᠳᠠᠭᠠᠳᠤ ᠠᠷᠠᠯᠵᠢᠶ᠎ᠠ᠂ ᠪᠣᠬᠢᠷᠲᠤᠯ ᠦᠭᠡᠢ ᠬᠥᠭᠵᠢᠯᠲᠡ ᠵᠡᠷᠭᠡ ᠭᠤᠣᠯᠳᠠᠯᠭ᠎ᠠ ᠲᠠᠢ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠡᠪᠡᠰᠦ ᠮᠣᠳᠣ ᠲᠠᠷᠢᠬᠤ ᠶᠢ ᠰᠡᠭᠦᠯᠴᠢ ᠶᠢᠨ ᠬᠤᠭᠤᠴᠠᠭᠠᠨ ᠤ ᠠᠷᠠᠴᠢᠯᠠᠨ ᠬᠠᠮᠠᠭᠠᠯᠠᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠡᠨᠡ ᠵᠢᠯ ᠤᠨ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠢᠳᠡᠪᠬᠢᠲᠡᠢ ᠲᠤᠬᠢᠷᠠᠭᠤᠯᠤᠨ ᠨᠡᠶᠢᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠣᠯᠬᠤ ᠬᠡᠷᠡᠭᠲᠡᠢ᠃ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠤ ᠤᠬᠠᠮᠰᠠᠷ ᠢ ᠪᠠᠲᠤ ᠪᠣᠶ ᠪᠣᠯᠭᠠᠬᠤ ᠬᠡᠷᠡᠭᠲᠡᠶ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠲᠣᠭᠤᠷᠢᠭ ᠤᠨ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ᠂ ᠦᠬᠠᠢ ᠬᠤᠳᠠ ᠶᠢᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠳᠠᠷᠤᠮᠠᠯᠯᠠᠨ ᠲᠠᠷᠬᠠᠭᠠᠭᠰᠠᠨ ᠲᠠᠪᠤᠨ ᠶᠡᠭᠡ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠵᠤ᠂ ᠣᠷᠣᠨ ᠤ ᠲᠡᠰ ᠤᠨ ᠡᠭᠦᠷᠭᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠠᠬᠢᠨ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠵᠣᠷᠢᠭᠲᠠᠢ ᠪᠠᠷ ︽ᠥᠨᠳᠥᠷ ᠤᠨ ᠬᠡᠮᠵᠢᠶ᠎ᠡ ᠶᠢ ᠡᠷᠢᠯᠬᠢᠯᠡᠬᠦ︾ ᠡᠷᠴᠢ ᠵᠣᠷᠢᠭ ᠢ ᠪᠠᠳᠠᠷᠠᠭᠤᠯᠵᠤ᠂ ᠣᠨ ᠤ ᠡᠭᠦᠷᠭᠡ ᠬᠠᠷᠠᠯᠲᠠ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠪᠦᠬᠦ ᠬᠤᠳᠠ᠂ ᠪᠦᠬᠦ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号