ᠲᠤᠭᠤᠷᠢᠭ ᠤᠨ ᠵᠠᠰᠠᠭ ᠤᠨ ᠣᠷᠳᠣᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/10
      4 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠲᠤᠭᠤᠷᠢᠭ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠯᠢᠦ ᠲᠢᠶᠠᠨ ᠴᠢᠩ᠂ ᠸᠠᠩ ᠶᠦᠩ ᠱᠧᠩ᠂ ᠶᠠᠩ ᠽᠧ ᠢᠦᠢ ᠬᠤᠷᠠᠯ ᠳᠤ ᠣᠷᠣᠯᠴᠠᠪᠠ᠃      ᠬᠤᠷᠠᠯ ᠠᠴᠠ᠂ ᠲᠥᠪ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠲᠦᠷᠦᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠪᠣᠳᠠᠲᠠᠢ ᠦᠷ᠎ᠡ ᠪᠦᠲᠦᠮᠵᠢ ᠪᠠᠷ ᠢᠶᠠᠨ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ︽ᠡᠷᠬᠢᠨ ᠬᠠᠷᠠᠬᠤ︾ ᠠᠵᠢᠯ ᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠲᠠᠢ ᠬᠠᠷᠢᠴᠠᠭᠤᠯᠤᠨ ᠭᠦᠨᠵᠡᠭᠡᠶ ᠪᠠᠶᠢᠴᠠᠭᠠᠨ ᠵᠢᠭᠰᠠᠭᠠᠵᠤ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠳᠤ᠂ ᠨᠡᠪᠲᠡᠷᠡᠯᠴᠡᠬᠦ᠂ ᠬᠠᠷᠢᠭᠤ ᠮᠡᠳᠡᠭᠦᠯᠬᠦ ᠠᠵᠢᠯ ᠢ ᠰᠠᠶᠢᠲᠤᠷ ᠬᠢᠵᠦ᠂ ᠡᠷᠲᠡᠬᠡᠨ ᠳ᠋ᠤᠭᠠᠷ ᠬᠠᠰᠤᠬᠤ ᠪᠠᠷ ᠴᠢᠷᠮᠠᠶᠢᠵᠤ᠂ ᠶᠠᠭ ᠴᠡᠭᠴᠡᠯᠡᠨ ᠰᠠᠶᠢᠵᠢᠷᠠᠭᠤᠯᠵᠤ ᠪᠠᠶᠢᠬᠤ ᠶᠢ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠪᠠ ᠲᠣᠭᠲᠠᠭᠠᠭᠰᠠᠨ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠱᠠᠭᠠᠷᠳᠠᠯᠭ᠎ᠠ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ᠂ ᠪᠠᠷᠢᠯᠭ᠎ᠠ ᠶᠢᠨ ᠬᠦᠴᠦᠨ ᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠤᠳᠠᠯ ᠬᠠᠭᠤᠷᠮᠠᠭ ᠢᠶᠠᠷ ᠤᠭᠰᠠᠷᠠᠵᠤ ᠴᠡᠭᠴᠡᠯᠡᠨ ᠰᠠᠶᠢᠵᠢᠷᠠᠭᠤᠯᠬᠤ᠂ ᠦᠩᠭᠡᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠵᠤ᠂ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号