ᠪᠠᠶᠠᠨᠲᠤᠬᠤᠢ ᠪᠠᠯᠭᠠᠰᠤ 2025 ᠣᠨ ᠤ 9 ᠳ᠋ᠤᠭᠡᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
      4 ᠰᠠᠷ᠎ᠠ ᠶᠢᠨ 11 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠶᠠᠨ ᠫᠧᠩ ᠪᠠᠶᠠᠨᠲᠤᠬᠤᠢ ᠪᠠᠯᠭᠠᠰᠤᠨ ᠤ 2025 ᠣᠨ ᠤ 9 ᠳ᠋ᠤᠭᠡᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠲᠤᠬᠠᠢ ᠴᠢᠬᠤᠯᠠ ᠥᠭᠦᠯᠡᠯᠲᠡ᠂ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠰᠤᠷᠤᠯᠴᠠᠯᠭ᠎ᠠ ᠶᠢᠨ ᠬᠥᠲᠥᠯᠪᠦᠷᠢ︾ ᠶᠢᠨ ᠬᠡᠰᠡᠭᠯᠡᠯ ᠵᠡᠷᠭᠡ ᠠᠭᠤᠯᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠬᠠᠮᠢᠶ᠎ᠠ ᠪᠦᠬᠦᠢ ᠠᠵᠢᠯ ᠢ ᠰᠤᠳᠤᠯᠤᠨ ᠬᠢᠨᠠᠨ ᠵᠥᠪᠯᠡᠪᠡ᠃      ᠬᠤᠷᠠᠯ ᠠᠴᠠ ︽2025 ᠣᠨ ᠤ ᠪᠠᠶᠠᠨᠲᠣᠬᠤᠶ ᠪᠠᠯᠭᠠᠰᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠭᠤᠤᠯᠳᠠᠯᠭ᠎ᠠ︾᠂ ︽2025 ᠣᠨ ᠤ ᠪᠠᠶᠠᠨᠲᠣᠬᠤᠶ ᠪᠠᠯᠭᠠᠰᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ︾᠂ ︽ᠪᠠᠶᠠᠨᠲᠣᠬᠤᠶ ᠪᠠᠯᠭᠠᠰᠤᠨ ᠤ ᠦᠵᠡᠯ ᠤᠬᠠᠮᠰᠠᠷ ᠤᠨ ᠬᠡᠯᠪᠡᠷᠢ ︵ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ︶ ᠶᠢᠨ ᠠᠵᠢᠯ ᠤᠨ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾᠂ ︽2025 ᠣᠨ ᠤ ᠬᠠᠶᠢᠨᠠᠨ ᠲᠣᠭᠤᠷᠢᠭ ᠤᠨ ᠪᠠᠶᠠᠨᠲᠣᠬᠤᠶ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠭᠤᠤᠯᠳᠠᠯᠭ᠎ᠠ ᠲᠠᠢ ᠠᠭᠤᠯᠭ᠎ᠠ ᠶᠢᠨ ᠲᠣᠬᠢᠷᠠᠭᠤᠯᠤᠯᠲᠠ︾ ᠶᠢ ᠰᠤᠳᠤᠯᠤᠨ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ᠂ ᠪᠦᠬᠦ ᠪᠠᠯᠭᠠᠰᠤᠨ ᠤ ᠳᠡᠭᠡᠳᠦ ᠲᠤᠤᠷᠠᠳᠤ ᠱᠠᠳᠤ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠭᠤᠣᠯ ᠠᠵᠢᠯ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠤᠶᠠᠷ ᠲᠠᠯ᠎ᠠ ᠪᠠᠷ ᠠᠳᠬᠤᠬᠤ᠂ ᠬᠤᠶᠠᠷ ᠲᠠᠯ᠎ᠠ ᠪᠠᠷ ᠴᠢᠩᠭ᠎ᠠ ᠠᠳᠬᠤᠬᠤ ᠶᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠨᠠᠮ ᠤᠨ ᠪᠠᠶᠢᠭᠤᠯᠤᠯᠲᠠ ᠪᠣᠯᠤᠨ ᠵᠠᠰᠠᠭ ᠤᠨ ᠡᠷᠬᠡ ᠶᠢᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠭᠦᠢᠴᠡᠳᠬᠡᠵᠦ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠬᠤ ᠬᠡᠷᠡᠭᠲᠡᠢ᠃ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠡᠷᠡᠯᠬᠡᠭᠯᠡᠨ ᠤᠷᠤᠭᠰᠢᠯᠠᠬᠤ ᠬᠠᠮᠲᠤᠷᠠᠯ ᠬᠦᠴᠦᠨ ᠢᠶᠠᠨ ᠨᠢᠭᠲᠠᠷᠠᠭᠤᠯᠬᠤ ᠬᠡᠷᠡᠭᠲᠡᠢ᠃ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ᠂ ︽ᠭᠤᠣᠯ ᠰᠡᠳᠦᠪᠲᠦ ᠨᠠᠮ ᠤᠨ ᠡᠳᠦᠷ︾ ᠵᠡᠷᠭᠡ ᠰᠤᠷᠤᠯᠴᠠᠯᠭ᠎ᠠ ᠶᠢᠨ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠬᠠᠮᠰᠠᠷ ᠠᠴᠠ ᠪᠠᠨ ᠮᠠᠷᠺᠰ ᠤᠨ ᠦᠵᠡᠯ ᠤᠨ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠳᠦᠯᠦᠨ ᠳᠠᠭᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠡᠨᠡ ᠵᠢᠯ ᠤᠨ ᠪᠥᠬᠦ ᠪᠠᠯᠭᠠᠰᠤᠨ ᠤ ᠭᠤᠤᠯᠳᠠᠯᠭ᠎ᠠ ᠲᠠᠢ ᠡᠭᠦᠷᠭᠡ ᠪᠠ ᠭᠤᠤᠯ ᠠᠵᠢᠯ ᠳᠤ ᠲᠤᠭᠤᠰᠢᠯᠠᠭᠤᠯᠵᠤ᠂ ᠡᠯ᠎ᠡ ᠥᠷᠲᠡᠭᠡ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠢ ᠰᠠᠶᠢᠲᠤᠷ ᠠᠰᠢᠭᠯᠠᠨ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠬᠠᠷᠢᠶᠠᠲᠤ ᠣᠷᠣᠨ ᠤ ᠣᠯᠠᠨ ᠲᠦᠮᠡᠨ ᠤ ᠦᠵᠡᠯ ᠰᠠᠨᠠᠭᠠᠨ ᠤ ᠲᠠᠯ᠎ᠠ ᠪᠠᠷ ᠮᠡᠳᠡᠷᠡᠬᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠬᠦᠷᠢᠶᠡᠯᠡᠬᠦ ᠶᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ᠂ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠱᠠᠭᠠᠷᠳᠠᠪᠠ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠤᠳᠤᠷᠢᠳᠬᠤ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠪᠣᠯᠤᠨ ᠴᠢᠬᠤᠯᠠ ᠶᠡᠭᠡ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠲᠤᠬᠠᠢ ᠳᠤᠨᠢ ᠰᠤᠳᠤᠯᠤᠨ ᠮᠠᠭᠠᠳᠯᠠᠵᠤ ᠰᠢᠢᠳᠪᠦᠷᠢᠯᠡᠨ᠂ ᠡᠳᠦᠷ ᠲᠤᠳᠤᠮ ᠤᠨ ᠠᠵᠢᠯ ᠤᠨ ᠳᠤᠮᠳᠠ ᠪᠠᠨ ᠤᠬᠠᠭᠤᠯᠵᠤ ᠬᠦᠳᠦᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠵᠥᠷᠢᠴᠡᠯ ᠵᠢᠭᠤᠷᠠᠯᠳᠤᠭᠠᠨ ᠢ ᠨᠠᠮᠳᠠᠭᠤᠯᠵᠤ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠢᠳᠡᠪᠬᠢᠲᠡᠢ ᠯᠠᠪᠳᠠᠭᠤᠨ ᠢᠶᠠᠷ ᠡᠵᠡᠮᠳᠡᠵᠦ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠢᠳᠡᠪᠬᠢ ᠬᠦᠴᠦᠨ ᠢ ᠬᠤᠷᠠᠮᠳᠤᠭᠤᠯᠬᠤ ᠬᠡᠷᠡᠭᠲᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号