ᠠᠵᠤ ᠠᠬᠤᠶᠢᠯᠠᠯ ᠤᠨ ᠠᠶᠤᠯᠭᠦᠶ ᠦᠶ᠋ᠯᠡᠳᠪᠦᠷᠢᠯᠡᠯ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ | ᠠᠶᠤᠯᠭᠦᠶ ᠦᠶ᠋ᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠮᠠᠨ ᠤ ᠪᠠᠯᠭᠠᠰᠤᠨ ᠤ ᠠᠶᠤᠯᠭᠦᠶ | ᠦᠶ᠋ᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠶᠢᠨ ᠲᠥᠯᠥᠭᠡ᠂ 4 ᠰᠠᠷ᠎ᠠ ᠶᠢᠨ | 11 ᠤ ᠡᠳᠦᠷ ᠤᠨ ᠦᠳᠡ ᠶᠢᠨ ᠡᠮᠦᠨ᠎ᠡ᠂ ᠮᠠᠨ ᠤ ᠪᠠᠯᠭᠠᠰᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ | ᠠᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠡᠷᠭᠢᠯᠡᠵᠦ᠂ | ᠨᠡᠶᠢᠭᠡᠮ ᠤᠨ ᠵᠠᠰᠠᠯᠲᠠ ᠶᠢᠨ ᠠᠯᠪᠠᠨ ᠬᠡᠷ ᠤᠨ ᠪᠥᠬᠦ ᠪᠦᠷᠢᠯᠳᠦᠬᠦᠨ ᠵᠢᠴᠢ ᠬᠠᠷᠢᠶ᠎ᠠ ᠣᠷᠣᠨ ᠤ ᠭᠤᠤᠯᠳᠠᠯᠭ᠎ᠠ ᠲᠠᠢ | ᠠᠵᠤ ᠠᠬᠤᠶᠢᠯᠠᠯ ᠤᠨ ᠲᠥᠯᠥᠭᠡᠯᠡᠭᠴᠢ ᠲᠣᠰ ᠤᠳᠠᠭᠠᠨ ᠤ ᠬᠤᠷᠠᠯ ᠳᠤ ᠣᠷᠣᠯᠴᠠᠪᠠ᠃ | ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠮᠠᠨ ᠤ ᠪᠠᠯᠭᠠᠰᠤᠨ ᠤ ᠠᠶᠤᠯᠭᠦᠶ ᠦᠶ᠋ᠯᠡᠳᠪᠦᠷᠢᠯᠡᠯ ᠤᠨ | ᠠᠵᠢᠯ ᠤᠨ ᠶᠡᠷᠦᠩᠬᠡᠶ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠤ ᠠᠶᠤᠯᠭᠦᠶ ᠦᠶ᠋ᠯᠡᠳᠪᠦᠷᠢᠯᠡᠯ ᠤᠨ ᠪᠠᠶᠢᠳᠠᠯ ᠢ | ᠵᠠᠳᠠᠯᠤᠭᠰᠠᠨ ᠪᠥᠭᠡᠳ ᠬᠡᠰᠡᠭ ᠠᠵᠤ ᠠᠬᠤᠶᠢᠯᠠᠯ ᠤᠨ ᠠᠶᠤᠯᠭᠦᠶ ᠦᠶ᠋ᠯᠡᠳᠪᠦᠷᠢᠯᠡᠯ ᠤᠨ ᠬᠠᠮᠢᠶᠠᠷᠤᠯᠲᠠ ᠶᠢᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠵᠤ᠂ ᠠᠵᠤ ᠠᠬᠤᠶᠢᠯᠠᠯ ᠡᠷᠬᠡᠪᠰᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠳᠠᠷᠦ᠋ᠢᠬᠠᠨ ᠬᠥᠳᠡᠯᠦᠯᠴᠡᠵᠦ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠶ | ᠭᠡᠵᠦ ᠴᠢᠬᠤᠯᠠᠴᠢᠯᠠᠪᠠ᠃ | ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠬᠤᠶᠠᠷ ᠲᠤ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠢᠨ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠡᠯ᠎ᠡ ᠱᠠᠲᠤᠨ ᠤ | ᠬᠠᠮᠢᠶᠠᠷᠤᠯᠲᠠ ᠶᠢᠨ ᠠᠵᠢᠯᠳᠠᠨ ᠪᠣᠯᠤᠨ ᠠᠵᠢᠯᠳᠠᠨ ᠠᠵᠢᠯᠴᠢᠨ ᠤ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠬᠦ | ᠬᠡᠷᠡᠭᠲᠡᠢ᠃ ᠭᠤᠷᠪᠠ ᠳᠤ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠵᠢᠯᠲᠠᠨ ᠤ ᠠᠮᠤᠷ | ᠲᠦᠪᠰᠢᠨ ᠤ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠨ᠂ ᠠᠵᠢᠯᠲᠠᠨ ᠤ ᠠᠮᠤᠷ ᠲᠦᠪᠰᠢᠨ ᠤ ᠦᠵᠡᠯ ᠤᠬᠠᠮᠰᠠᠷ | ᠪᠠ ᠠᠵᠢᠯᠯᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯᠲᠠᠨ ᠤ ᠠᠵᠢᠯ ᠤᠨ ᠦᠢᠯᠡ ᠠᠵᠢᠯᠯᠠᠭ᠎ᠠ ᠶᠢ | ᠵᠢᠷᠤᠮᠵᠢᠭᠤᠯᠬᠤ ᠬᠡᠷᠡᠭᠲᠡᠶ᠃ ᠡᠭᠦᠨ ᠤ ᠬᠠᠮᠲᠤ ᠪᠠᠰᠠ ᠲᠤᠰᠬᠠᠶ ᠮᠡᠷᠭᠡᠵᠢᠯᠲᠡᠨ ᠢ ᠤᠷᠢᠵᠤ ᠠᠵᠤ ᠠᠬᠤᠶᠢᠯᠠᠯ ᠤᠨ | ᠬᠠᠷᠢᠭᠤᠴᠠᠯᠭᠠᠲᠠᠨ ᠳᠤ ᠠᠶᠤᠯᠭᠦᠶ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠬᠢᠯᠭᠡᠵᠦ᠂ ᠡᠯ᠎ᠡ ᠠᠵᠤ | ᠠᠬᠤᠶᠢᠯᠠᠯ ᠢ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ | ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠪᠠᠲᠤ ᠪᠠᠬᠢ ᠪᠤᠢ ᠪᠣᠯᠭᠠᠵᠤ᠂ ᠠᠶᠤᠯᠭᠦᠶ ᠦᠢᠯᠡᠳᠪᠦᠷᠢᠯᠡᠯ ᠢ ᠠᠵᠤ | ᠠᠬᠤᠶᠢᠯᠠᠯ ᠤᠨ ᠬᠥᠭᠵᠢᠯᠲᠡ ᠶᠢᠨ ᠠᠮᠢᠨ ᠰᠤᠳᠠᠰᠤ ᠪᠣᠯᠭᠠᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ | ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠬᠦ ᠬᠡᠷᠡᠭᠲᠡᠶ ᠭᠡᠵᠦ ᠱᠠᠭᠠᠷᠳᠠᠪᠠ᠃ | ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ | ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠠᠶᠤᠯᠭᠦᠢ | ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠮᠠᠨ ᠤ | ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠬᠥᠭᠵᠢᠯᠲᠡ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ | ᠲᠣᠭᠤᠷᠢᠨ ᠢ ᠪᠦᠷᠢᠯᠳᠦᠭᠦᠯᠵᠦ ᠥᠭᠭᠦᠨ᠎ᠡ᠃ |