ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 4 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/15
      4 ᠰᠠᠷ᠎ᠠ ᠶᠢᠨ 10 ᠤ ᠡᠳᠦᠷ᠂ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠦᠵᠡᠯ ᠤᠬᠠᠮᠰᠠᠷ ᠤᠨ ᠬᠡᠯᠪᠡᠷᠢ ︵ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ︶ ᠶᠢᠨ ᠲᠣᠭᠤᠷᠢᠨ ᠳᠤ ᠲᠤᠰᠬᠠᠶ ᠰᠡᠳᠦᠪᠲᠦ ᠰᠤᠷᠤᠯᠴᠠᠯᠭ᠎ᠠ ᠬᠢᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠬᠤᠷᠠᠯ ᠢ ᠡᠷᠬᠢᠯᠡᠪᠡ᠃      ᠸᠢᠳᠢᠣ᠋ ᠬᠤᠷᠠᠯ ᠪᠡᠭᠡᠵᠢᠩ ᠶᠡᠭᠡ ᠰᠤᠷᠭᠠᠭᠤᠯᠢ ᠶᠢᠨ ᠤᠯᠠᠨ ᠤᠯᠤᠰ ᠤᠨ ᠬᠠᠷᠢᠯᠴᠠᠭᠠᠨ ᠤ ᠳᠡᠭᠡᠳᠦ ᠰᠤᠷᠭᠠᠭᠤᠯᠢ ᠶᠢᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠤᠨ ᠤᠯᠠᠨ ᠤᠯᠤᠰ ᠤᠨ ᠤᠯᠠᠨ ᠨᠡᠶᠢᠲᠡ ᠶᠢᠨ ᠲᠦᠷᠦ ᠶᠢᠨ ᠪᠤᠳᠤᠯᠭ᠎ᠠ ᠶᠢᠨ ᠰᠠᠯᠪᠤᠷᠢ ᠶᠢᠨ ᠳᠡᠳ᠋ ᠰᠠᠯᠪᠤᠷᠢ ᠶᠢᠨ ᠡᠷᠬᠢᠯᠡᠭᠴᠢ᠂ ᠳᠡᠳ᠋ ᠫᠷᠤᠹᠧᠰᠰᠤᠷ᠂ ᠪᠡᠭᠡᠵᠢᠩ ᠶᠡᠭᠡ ᠰᠤᠷᠭᠠᠭᠤᠯᠢ ᠶᠢᠨ ᠤᠯᠠᠨ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠤ ᠬᠦᠷᠢᠶᠡᠯᠡᠩ ᠤᠨ ᠣᠨᠴᠠ ᠤᠷᠢᠭᠰᠠᠨ ᠰᠤᠳᠤᠯᠤᠭᠴᠢ ᠯᠸᠢ ᠱᠤᠤ ᠬᠤᠸᠠ ᠶᠢᠨ ᠭᠤᠣᠯᠯᠠᠨ ᠶᠠᠷᠢᠭᠰᠠᠨ ︽ᠤᠳᠤ ᠦᠶ᠎ᠡ ᠶᠢᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠠᠮᠢ ᠠᠬᠤᠢ ᠶᠢᠨ ᠬᠤᠪᠢᠷᠠᠯᠲᠠ ᠶᠢᠨ ᠵᠢᠮ᠎ᠡ ᠶᠣᠰᠣ ᠵᠢᠴᠢ ᠬᠥᠭᠵᠢᠯᠲᠡ ᠶᠢᠨ ᠬᠠᠨᠳᠤᠰᠢ︾ ᠶᠢ ᠰᠤᠷᠤᠯᠴᠠᠪᠠ᠃ ᠯᠸᠢ ᠡᠷᠬᠢᠯᠡᠭᠴᠢ ᠰᠢᠨ᠎ᠡ ᠵᠠᠭᠤᠴᠢᠯᠠᠭᠤᠷ ᠤᠨ ᠤᠯᠠᠮᠵᠢᠯᠠᠬᠤ ᠵᠢᠮ᠎ᠡ ᠶᠣᠰᠣ᠂ ᠶᠠᠷᠢᠶ᠎ᠠ ᠬᠡᠯᠡᠯᠴᠡᠭᠡᠨ ᠤ ᠲᠠᠯᠠᠪᠠᠶ ᠶᠢᠨ ᠬᠤᠪᠢᠷᠠᠯᠲᠠ ᠶᠢᠨ ᠣᠨᠴᠠᠯᠢᠭ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠶᠢ ᠰᠤᠳᠤᠯᠤᠨ ᠮᠠᠭᠠᠳᠯᠠᠬᠤ ᠠᠷᠭ᠎ᠠ ᠵᠡᠷᠭᠡ ᠭᠤᠤᠯ ᠠᠭᠤᠯᠭ᠎ᠠ ᠶᠢᠨ ᠲᠣᠭᠤᠷᠢᠨ ᠳᠤ ᠰᠢᠰᠲ᠋ᠧᠮ ᠲᠠᠢ ᠲᠠᠶᠢᠯᠤᠮᠵᠢ ᠬᠢᠵᠦ᠂ ᠶᠡᠭᠡ ᠬᠡᠮᠵᠢᠶᠡᠨ ᠤ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠴᠠᠭ ᠦᠶ᠎ᠡ ᠶᠢᠨ ᠶᠠᠷᠢᠶ᠎ᠠ ᠬᠡᠯᠡᠯᠴᠡᠭᠡᠨ ᠤ ᠬᠤᠪᠢᠷᠠᠯᠲᠠ ᠶᠢᠨ ᠲᠣᠭᠲᠠᠴᠠ ᠶᠢ ᠵᠠᠳᠠᠯᠤᠭᠰᠠᠨ ᠪᠥᠭᠡᠳ ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠬᠤ᠂ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠬᠦ᠂ ᠤᠳᠤᠷᠢᠳᠬᠤ ᠺᠠᠳ᠋ᠷ ᠤᠨ ᠵᠠᠭᠤᠴᠢᠯᠠᠭᠤᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠵᠢᠯᠯᠠᠬᠤ ᠠᠷᠭ᠎ᠠ ᠶᠢ ᠬᠠᠩᠭᠠᠭᠰᠠᠨ ᠪᠠᠶᠢᠨ᠎ᠠ᠃      ᠲᠣᠰ ᠤᠳᠠᠭᠠᠨ ᠤ ᠦᠵᠡᠯ ᠤᠬᠠᠮᠰᠠᠷ ᠤᠨ ᠬᠡᠯᠪᠡᠷᠢ ︵ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ︶ ᠶᠢᠨ ᠲᠤᠰᠬᠠᠶ ᠰᠡᠳᠦᠪᠲᠦ ᠰᠤᠷᠤᠯᠴᠠᠯᠭ᠎ᠠ ᠨᠢ ᠪᠥᠬᠦ ᠲᠣᠭᠤᠷᠢᠭ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠨᠠᠷᠢᠯᠢᠭ ᠣᠨᠣᠴᠠᠲᠠᠶ ᠪᠠᠷ ᠡᠵᠡᠮᠳᠡᠬᠦ ᠳᠤ ᠠᠰᠢᠭᠲᠠᠶ ᠪᠠᠶᠢᠬᠤ ᠶᠢᠨ ᠬᠠᠮᠲᠤ ᠺᠠᠳ᠋ᠷ ᠣᠯᠠᠨ ᠲᠦᠮᠡᠨ ᠤ ᠲᠣᠭᠠᠴᠢᠯᠠᠭᠰᠠᠨ ᠠᠮᠤᠷ ᠲᠦᠪᠰᠢᠨ ᠤ ᠲᠤᠬᠠᠶ ᠲᠠᠨᠢᠯᠲᠠ ᠶᠢ ᠭᠦᠨᠵᠡᠭᠡᠶᠢᠷᠡᠭᠦᠯᠵᠦ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠢᠯᠭᠠᠨ ᠲᠠᠨᠢᠬᠤ ᠴᠢᠳᠠᠪᠤᠷᠢ ᠪᠠ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠬᠦᠴᠦᠨ ᠴᠢᠳᠠᠪᠤᠷᠢ ᠶᠢ ᠴᠢᠩᠭᠠᠷᠠᠭᠤᠯᠵᠤ᠂ ᠴᠡᠪᠡᠷ ᠴᠢᠬᠡᠴᠢ ᠡᠮᠬᠢ ᠵᠢᠷᠤᠮ ᠲᠠᠢ ᠰᠦᠯᠵᠢᠶᠡᠨ ᠤ ᠵᠠᠰᠠᠯᠲᠠ ᠶᠢᠨ ᠣᠷᠴᠢᠨ ᠲᠣᠭᠤᠷᠢᠨ ᠢ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠶᠢᠨ᠎ᠠ᠃      ᠬᠤᠷᠠᠯ ᠠᠴᠠ ᠪᠠᠰᠠ ᠦᠵᠡᠯ ᠤᠬᠠᠮᠰᠠᠷ ᠤᠨ ᠬᠡᠯᠪᠡᠷᠢ ︵ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ︶ ᠶᠢᠨ ᠪᠤᠰᠤᠳ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ 
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号