4 ᠰᠠᠷ᠎ᠠ ᠶᠢᠨ 14 ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ 4 ᠳ᠋ᠤᠭᠡᠷ ᠤᠳᠠᠭ᠎ᠠ ᠶᠢᠨ | ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠬᠢᠯᠡᠭᠴᠢ ᠵᠠᠩ ᠳ᠋ᠢᠩ ᠸᠧᠢ ᠬᠤᠷᠠᠯ ᠢ ᠡᠷᠬᠢᠯᠡᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠶᠦ᠋ᠨ ᠫᠢᠩ᠂ ᠵᠧᠦ ᠬᠤᠤ᠂ ᠵᠤᠤ ᠬᠠᠢ | ᠪᠢᠨ᠂ ᠪᠠᠶᠠᠷ ᠬᠤᠷᠠᠯ ᠳᠤ ᠣᠷᠣᠯᠴᠠᠪᠠ᠃ | ᠬᠤᠷᠠᠯ ᠠᠴᠠ 3 ᠰᠠᠷ᠎ᠠ ᠶᠢᠨ 31 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ | ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ | ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ︔ | ᠶᠡᠷᠦᠩᠬᠡᠶ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠡᠭᠡᠷᠡᠬᠢ ᠤᠭ ᠵᠣᠬᠢᠶᠠᠯ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ︾ | ᠪᠠ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢ ᠶᠢᠨ ᠫᠢᠩ ᠤᠨ ᠥᠭᠦᠯᠡᠯᠲᠡ ᠶᠢᠨ | ᠲᠡᠭᠦᠪᠦᠷᠢ︾ ︽ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ | ᠰᠠᠨᠠᠭᠠᠨ ᠤ ᠲᠦᠢᠮᠣᠴᠢᠯᠠᠯ︾ ᠵᠢᠴᠢ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ︽ᠨᠠᠩ | ᠥᠨᠳᠥᠷ ᠲᠦᠪᠰᠢᠨ ᠪᠥᠬᠦᠶ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠤᠶ᠎ᠠ︾ ᠭᠡᠬᠦ ᠠᠷᠪᠠᠨ | ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ | ᠫᠢᠩ ᠤᠨ ᠭᠦᠢᠵᠧᠦ᠂ ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠡᠷᠭᠡ | ᠠᠭᠤᠯᠭ᠎ᠠ ᠶᠢ ᠪᠢᠴᠢᠭ ᠢᠶᠠᠷ ᠰᠤᠷᠤᠯᠴᠠᠪᠠ᠃ | ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ | ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠬᠡᠷᠡᠭᠲᠡᠢ᠃ ᠥᠨᠳᠥᠷ ᠪᠠᠷᠢᠮᠵᠢᠶ᠎ᠠ ᠪᠠᠷ | ᠴᠢᠨᠠᠷ ᠰᠠᠶᠢᠲᠠᠢ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ | ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠦᠨᠳᠦᠰᠦᠨ ᠵᠢᠷᠤᠮᠯᠠᠯ ᠢ ᠪᠠᠲᠤ ᠡᠵᠡᠮᠳᠡᠵᠦ᠂ ᠠᠷᠠᠳ ᠲᠦᠮᠡᠨ ᠢ ᠳᠡᠭᠡᠳᠦᠯᠡᠬᠦ᠂ ᠳᠡᠭᠡᠳᠦ ᠱᠠᠳᠤ ᠨᠢ ᠳᠤᠤᠷᠠᠳᠦ | ᠱᠠᠳᠤ ᠪᠠᠨ ᠳᠠᠭᠠᠭᠤᠯᠬᠤ᠂ ᠵᠠᠷᠯᠢᠭ ᠴᠠᠭᠠᠵᠠ ᠶᠢ ᠲᠠᠭᠠᠬᠤ᠂ ᠡᠷᠲᠡ ᠠᠴᠠ ᠠᠳᠬᠤᠨ ᠪᠠᠭ᠎ᠠ ᠳᠤᠨᠢ ᠠᠳᠬᠤᠬᠤ᠂ ᠬᠡᠪ | ᠰᠤᠷᠲᠠᠯ ᠢ ᠵᠡᠷᠭᠡᠪᠡᠷ ᠪᠠᠶᠢᠴᠠᠭᠠᠬᠤ᠂ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ | ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ | ᠳᠠᠶᠢᠯᠠᠯᠳᠤᠭᠠᠨ ᠢ ᠰᠠᠶᠢᠲᠤᠷ ᠬᠢᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠦᠩᠭᠡᠨ | ᠲᠠᠯ᠎ᠠ ᠪᠠ ᠦᠨᠳᠦᠰᠦ ᠠᠴᠠ ᠨᠢ ᠵᠠᠰᠠᠵᠤ᠂ ᠰᠤᠷᠲᠠᠯ ᠤᠨ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ | ᠴᠥᠬᠦᠷᠡᠰᠢ ᠦᠭᠡᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ | ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠯᠡᠬᠦ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ | ᠬᠡᠷᠡᠭᠲᠡᠢ᠃ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠶᠢ | ᠪᠠᠷᠢᠮᠲᠠᠯᠠᠵᠤ᠂ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠪᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠭ ᠵᠣᠬᠢᠶᠠᠯ ᠤᠨ ᠤᠭ ᠶᠣᠰᠣ ᠶᠢ ᠣᠨᠣᠪᠴᠢᠲᠠᠢ ᠡᠵᠡᠮᠳᠡᠵᠦ᠂ | ᠭᠤᠣᠯ ᠴᠢᠮᠥᠭᠡ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠤᠬᠠᠮᠰᠠᠷ ᠠᠴᠠ ᠪᠠᠨ ᠨᠠᠮ ᠤᠨ ᠲᠦᠷᠢᠮ | ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ | ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠤᠯᠠᠭᠠᠨ ᠱᠤᠭᠤᠮ ᠠᠴᠠ ᠳᠠᠪᠠᠭ᠋ᠤ ᠦᠭᠡᠢ ᠪᠠᠶᠢᠵᠤ᠂ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠠᠬᠢᠭᠤᠯᠬᠤ | ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠦᠨᠡᠨ ᠬᠦ ᠬᠤᠪᠢᠷᠠᠭᠤᠯᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠰᠢᠨ᠎ᠡ ᠰᠡᠳᠬᠢᠴᠡ᠂ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠪᠡ᠃ ᠭᠤᠷᠪᠠ ᠳᠤ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ | ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ | ᠬᠥᠮᠦᠵᠢᠯ ᠤᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠶᠢ ᠴᠢᠩᠭᠠᠳᠬᠠᠨ᠂ ᠬᠡᠯᠪᠡᠷᠢᠴᠢ ᠦᠵᠡᠯ ᠢ ᠴᠢᠩᠭ᠎ᠠ ᠰᠡᠷᠭᠡᠶᠢᠯᠡᠵᠦ᠂ ᠭᠤᠣᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠡᠳᠦᠷ ᠲᠤᠳᠤᠮ ᠤᠨ | ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠬᠤ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠶᠢ ᠪᠦᠬᠦ ᠵᠢᠯ ᠤᠨ ᠡᠯ᠎ᠡ ᠵᠦᠢᠯ ᠤᠨ ᠬᠠᠷᠠᠯᠲᠠ | ᠡᠭᠦᠷᠭᠡ ᠶᠢ ᠰᠠᠶᠢᠲᠤᠷ ᠪᠡᠶᠡᠯᠡᠭᠦᠯᠬᠦ ᠲᠠᠢ ᠤᠶᠠᠯᠳᠤᠭᠤᠯᠵᠤ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ | ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠰᠤᠷᠤᠯᠴᠠᠬᠤ ᠳᠤᠮᠳᠠ ᠮᠡᠳᠡᠬᠦ ᠵᠢᠷᠦᠬᠡᠰᠢᠶᠡᠬᠦ᠂ ᠪᠠᠶᠢᠴᠠᠭᠠᠬᠤ | ᠳᠤᠮᠳᠠ ᠵᠥᠷᠢᠶ᠎ᠡ ᠪᠠᠨ ᠡᠷᠢᠬᠦ᠂ ᠥᠭᠡᠷᠡᠴᠢᠯᠡᠬᠦ ᠳᠤᠮᠳᠠ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠵᠤ᠂ | ᠰᠤᠷᠤᠯᠴᠠᠯᠭ᠎ᠠ ᠬᠥᠮᠦᠵᠢᠯ ᠤᠨ ︽ᠲᠦᠷᠦᠭᠦᠴᠢ ᠭᠠᠯᠠᠭᠤ ᠶᠢᠨ ᠦᠢᠯᠡᠳᠦᠯ︾ ᠢ ᠪᠦᠷᠢᠯᠳᠦᠭᠦᠯᠬᠦ ᠶᠢ ᠠᠬᠢᠭᠤᠯᠬᠤ | ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠠᠷᠠᠳ | ᠤᠯᠠᠨ ᠲᠠᠢ ᠨᠢᠭᠲᠠ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ | ᠲᠦᠷᠪᠡᠨ ᠦᠨᠳᠦᠰᠦᠨ ᠱᠠᠲᠤᠨ ᠳᠤ ᠪᠠᠭᠤᠬᠤ︾ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠴᠠᠭ | ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠢ ᠤᠯᠠᠨ ᠲᠦᠮᠡᠨ ᠲᠠᠢ ᠨᠡᠩ ᠣᠶᠢᠷᠠᠲᠤᠭᠤᠯᠵᠤ᠂ ᠠᠷᠠᠳ ᠤᠨ ᠤᠶᠤᠨ ᠤᠬᠠᠭᠠᠨ ᠢ ᠨᠡᠩ | ᠬᠤᠷᠠᠮᠳᠤᠭᠤᠯᠵᠤ᠂ ᠠᠷᠠᠳ ᠤᠨ ᠰᠡᠳᠬᠢᠯ ᠢ ᠨᠡᠩ ᠨᠢᠭᠲᠠᠷᠠᠭᠤᠯᠵᠤ᠂ ᠦᠨᠡᠨ ᠪᠣᠳᠠᠲᠠᠢ ᠠᠵᠢᠯ ᠤᠨ ᠦᠷ᠎ᠡ | ᠪᠦᠲᠦᠮᠵᠢ ᠪᠠᠷ ᠠᠷᠠᠳ ᠤᠯᠠᠨ ᠳᠤ ᠰᠤᠷᠲᠠᠯ ᠢᠶᠠᠨ ᠬᠤᠪᠢᠷᠠᠭᠤᠯᠵᠤ ᠰᠢᠨ᠎ᠡ ᠰᠤᠷᠲᠠᠯ ᠢ ᠪᠤᠢ ᠪᠣᠯᠭᠠᠭᠰᠠᠨ ᠰᠢᠨ᠎ᠡ | ᠳᠦᠷᠰᠦ ᠪᠠᠶᠢᠳᠠᠯ ᠰᠢᠨ᠎ᠡ ᠬᠤᠪᠢᠷᠠᠯᠲᠠ ᠶᠢ ᠮᠡᠳᠡᠷᠡᠭᠦᠯᠵᠦ᠂ ᠨᠠᠮ ᠤᠨ ᠲᠦᠷᠦ ᠪᠠᠷᠢᠬᠤ ᠤᠯᠠᠨ ᠲᠦᠮᠡᠨ ᠤ | ᠰᠠᠭᠤᠷᠢ ᠶᠢ ᠲᠠᠰᠤᠷᠠᠯᠳᠠ ᠦᠭᠡᠢ ᠵᠤᠵᠠᠭᠠᠳᠬᠠᠵᠠᠢ᠃ |