ᠪᠠᠶᠠᠨᠲᠤᠬᠤᠢ ᠪᠠᠯᠭᠠᠰᠤ 2025 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/2
      4 ᠰᠠᠷ᠎ᠠ ᠶᠢᠨ 1 ᠤ ᠡᠳᠦᠷ᠂ ᠪᠠᠶᠠᠨᠲᠤᠬᠤᠢ ᠪᠠᠯᠭᠠᠰᠤ 2025 ᠣᠨ ᠤ ᠪᠦᠬᠦ ᠪᠠᠯᠭᠠᠰᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠳᠡᠭᠡᠳᠦ ᠱᠠᠲᠤᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2024 ᠣᠨ ᠤ ᠠᠵᠢᠯ ᠢᠶᠠᠨ ᠳ᠋ᠦᠩᠨᠡᠨ ᠡᠷᠭᠢᠴᠡᠭᠦᠯᠵᠦ᠂ 2025 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃      ᠪᠠᠶᠠᠨᠲᠤᠬᠤᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠶᠠᠨ ᠫᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠯᠦ ᠴᠢ ᠬᠤᠷᠠᠯ ᠢ ᠡᠷᠬᠢᠯᠡᠪᠡ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ᠨᠠᠮ ᠤᠨ ᠬᠤᠷᠢᠶ᠎ᠠ ︵ᠶᠡᠷᠦᠩᠬᠡᠶ ᠡᠭᠦᠷ︶ ᠶᠢᠨ ᠱᠦᠵᠢ᠂ ᠳᠡᠳ᠋ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠡᠯ᠎ᠡ ᠲᠣᠰᠬᠤᠨ ᠤ ᠠᠷᠠᠳ ᠤᠨ ᠳᠤᠭᠤᠶᠢᠯᠠᠩ ᠤᠨ ᠨᠠᠮ ᠤᠨ ᠡᠭᠦᠷ ᠤᠨ ᠱᠦᠵᠢ᠂ ᠡᠯ᠎ᠡ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ᠂ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠨᠠᠮ ᠤᠨ ᠡᠭᠦᠷ ᠤᠨ ᠱᠦᠵᠢ ᠪᠣᠯᠤᠨ ᠪᠠᠯᠭᠠᠰᠤᠨ ᠤ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠤᠨ ᠡᠷᠬᠢᠯᠡᠭᠴᠢ ᠬᠤᠷᠠᠯ ᠳᠤ ᠣᠷᠣᠯᠴᠠᠪᠠ᠃      ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠠᠯᠭᠠᠰᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠭᠦᠨᠵᠡᠭᠡᠢ ᠠᠵᠢᠯᠯᠠᠵᠤ ᠨᠠᠷᠢᠨ ᠨᠢᠮᠪᠠᠢ ᠠᠵᠢᠯᠯᠠᠵᠤ᠂ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠥᠯᠥᠪᠵᠢᠭᠦᠯᠭᠡ ᠶᠢᠨ ᠵᠢᠯ ᠮᠥᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠶᠤᠮ᠃ ᠪᠥᠬᠦ ᠪᠠᠯᠭᠠᠰᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠶ᠋ᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠡᠷᠭᠡ ᠡᠯ᠎ᠡ ᠵᠦᠶ᠋ᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃      ᠬᠤᠷᠠᠯ ᠠᠴᠠ᠂ ᠵᠣᠬᠢᠶᠠᠨ ᠪᠠᠶᠢᠭᠤᠯᠬᠤ ᠠᠵᠢᠯ ᠨᠢ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ᠂ ᠴᠢᠳᠠᠪᠤᠷᠢᠲᠠᠨ ᠢ ᠰᠣᠩᠭᠤᠬᠤ ᠶᠢᠨ ᠲᠣᠭᠤᠷᠢᠨ ᠳᠤ ᠺᠠᠳ᠋ᠷ ᠤᠨ ᠡᠩᠨᠡᠭᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠤ ᠡᠩᠨᠡᠭᠡ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠰᠠᠭᠤᠷᠢ ᠶᠢ ᠪᠠᠲᠤᠳᠬᠠᠨ᠎ᠠ᠃ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ᠡᠩᠨᠡᠭᠡᠨ ᠤ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠦᠨ᠎ᠡ᠃ ᠪᠠᠲᠤ ᠴᠢᠩᠭ᠎ᠠ ︽ᠵᠢᠱᠢᠶᠡᠴᠢ︾ ᠶᠢᠨ ᠨᠠᠮ ᠤᠨ ᠡᠭᠦᠷ ᠢ ᠲᠦᠷᠭᠡᠳᠬᠡᠨ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠬᠠᠭᠤᠯᠭ᠎ᠠ ᠶᠢᠨ ᠠᠵᠢᠯ ᠨᠢ ᠨᠠᠮ ᠤᠨ ᠰᠢᠨ᠎ᠡ ᠶᠢ ᠡᠭᠦᠳᠬᠦ ᠤᠨᠤᠯ ᠪᠣᠯᠤᠨ ᠲᠦᠷᠦ ᠶᠢᠨ ᠪᠤᠳᠤᠯᠭ᠎ᠠ ᠶᠢ ᠰᠠᠶᠢᠲᠤᠷ ᠤᠯᠠᠮᠵᠢᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠰᠠᠨᠠᠭᠠᠴᠢᠯᠠᠭᠠᠲᠤ ᠡᠷᠬᠡ ᠶᠢ ᠰᠠᠶᠢᠲᠤᠷ ᠡᠵᠡᠮᠳᠡᠵᠦ᠂ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠤᠨ ᠴᠢᠳᠠᠪᠬᠢ ᠶᠢ ᠰᠠᠶᠢᠲᠤᠷ ᠪᠠᠳᠠᠷᠠᠭᠤᠯᠬᠤ ᠬᠡᠷᠡᠭᠲᠡᠢ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ ᠲᠡᠮᠳᠡᠭ ᠲᠣᠳᠣᠷᠬᠠᠢ ᠪᠠᠷ ᠨᠠᠮ ᠠᠴᠠ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ ᠶᠢ ᠪᠠᠷᠢᠮᠲᠠᠯᠠᠬᠤ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠨᠢ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠬᠤ ᠲᠠᠯ᠎ᠠ ᠪᠠᠷ ᠰᠢᠨ᠎ᠡ ᠠᠷᠭ᠎ᠠ ᠬᠡᠮᠵᠢᠶ᠎ᠡ ᠲᠠᠢ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠲᠠᠯ᠎ᠠ ᠪᠠᠷ ᠰᠢᠨ᠎ᠡ ᠠᠬᠢᠴᠠ ᠲᠠᠢ ᠪᠤᠯᠵᠤ᠂ ᠡᠶ᠎ᠡ ᠵᠣᠬᠢᠴᠠᠩᠭᠤᠢ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ︽ᠶᠡᠭᠡ ᠨᠢᠭᠡᠳᠦᠮᠡᠯ ᠹᠷᠣᠨᠲ︾ ᠤᠨ ᠵᠠᠰᠠᠯᠲᠠ ᠶᠢᠨ ᠪᠠᠶᠢᠷᠢᠰᠢᠯ ᠢ ᠭᠦᠨᠵᠡᠭᠡᠶᠢᠷᠡᠭᠦᠯᠵᠦ᠂ ᠨᠢᠭᠡᠳᠦᠮᠡᠯ ᠹᠷᠣᠨᠲ ᠤᠨ ᠠᠵᠢᠯ ᠪᠣᠯᠤᠨ ᠭᠤᠣᠯ ᠠᠵᠢᠯ ᠢ ᠦᠨᠡᠨ ᠬᠦ ᠨᠢᠭᠲᠠ ᠤᠶᠠᠯᠳᠤᠭᠤᠯᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠠᠵᠢᠯ ᠨᠢ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠠᠮᠤᠷ ᠠᠮᠤᠭᠤᠯᠠᠩ ᠪᠠᠶᠠᠨᠪᠠᠶᠠᠨᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠲᠣᠣᠷᠵᠢᠯ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠰᠢᠯᠢᠳᠡᠭᠵᠢᠭᠦᠯᠬᠦ ᠬᠡᠷᠡᠭᠲᠡᠢ᠃ ᠦᠵᠡᠯ ᠰᠠᠨᠠᠭ᠎ᠠ ᠪᠠᠨ ᠨᠢᠭᠡᠳᠬᠡᠵᠦ᠂ ᠢᠳᠡᠪᠬᠢᠲᠡᠢ ᠲᠥᠯᠥᠪᠵᠢᠭᠦᠯᠵᠦ᠂ ᠤᠬᠠᠮᠰᠠᠷ ᠠᠴᠠ ᠪᠠᠨ ᠠᠮᠤᠷ ᠠᠮᠤᠭᠤᠯᠠᠩ ᠤᠨ ᠪᠠᠶᠢᠭᠤᠯᠤᠯᠲᠠ᠂ ᠬᠠᠤᠯᠢᠵᠢᠯ ᠤᠨ ᠪᠠᠶᠢᠭᠤᠯᠤᠯᠲᠠ ᠶᠢ ᠪᠦᠬᠦ ᠪᠠᠯᠭᠠᠰᠤᠨ ᠤ ᠠᠵᠢᠯ ᠤᠨ ᠶᠡᠭᠡ ᠲᠠᠯ᠎ᠠ ᠳᠤ ᠲᠠᠯᠪᠢᠵᠤ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠳᠤ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠤᠨ ᠲᠣᠭᠤᠷᠢᠨ ᠳᠤ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠰᠠᠬᠢᠯᠭ᠎ᠠ ᠪᠠᠲᠤ ᠪᠠᠷ ᠪᠠᠶᠠᠨᠲᠤᠬᠤᠢ ᠬᠥᠭᠵᠢᠯᠲᠡ ᠶᠢ ᠪᠠᠲᠤᠯᠠᠬᠤ ᠬᠡᠷᠡᠭᠲᠡᠢ᠃      ᠬᠤᠷᠠᠯ ᠠᠴᠠ᠂ ᠪᠦᠬᠦ ᠪᠠᠯᠭᠠᠰᠤᠨ ᠤ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠭᠡ ᠲᠠᠯ᠎ᠠ ᠳᠤ ᠦᠢᠯᠡᠴᠢᠯᠡᠬᠦ ᠳᠤᠮᠳᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠡᠵᠡᠮᠳᠡᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠳᠤᠮᠳᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠨᠠᠮ ᠤᠨ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠦᠬᠦ ᠪᠠᠯᠭᠠᠰᠤᠨ ᠤ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠮ ᠤᠨ ᠪᠠᠶᠢᠭᠤᠯᠤᠯᠲᠠ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ︽ᠭᠤᠣᠯ ᠵᠢᠭᠰᠠᠭᠠᠯ ᠤᠨ ᠭᠠᠵᠠᠷ︾ ᠢ ᠰᠠᠬᠢᠵᠤ᠂ ︽ᠬᠠᠷᠢᠭᠤᠴᠠᠯᠭ᠎ᠠ ᠶᠢᠨ ᠲᠠᠷᠢᠶ᠎ᠠ︾ ᠶᠢ ᠰᠠᠶᠢᠲᠤᠷ ᠲᠠᠷᠢᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦ ᠲᠠᠯ᠎ᠠ ᠪᠠᠷ ᠲᠠᠪᠰᠢᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠪᠥᠬᠦ ᠪᠠᠯᠭᠠᠰᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ︽ᠵᠣᠷᠢᠭᠲᠠᠶ︾ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ᠲᠠᠶᠢᠯᠪᠦᠷᠢᠯᠠᠬᠤ ᠰᠡᠳᠬᠢᠬᠦᠶ ᠲᠠᠢ︾ ᠪᠠᠶᠢᠬᠤ ᠬᠦᠴᠢᠷ ᠠᠰᠠᠭᠤᠳᠠᠯ ᠢ ᠴᠢᠳᠠᠮᠠᠭᠠᠶ ᠪᠠᠷ ᠬᠡᠷᠡᠭᠯᠡᠨ ᠬᠥᠭᠵᠢᠯᠲᠡ ᠶᠢ ᠠᠬᠢᠭᠤᠯᠵᠤ᠂ ᠨᠠᠩ ᠣᠯᠠᠨ ︽ᠥᠯᠥ ᠪᠣᠯᠬᠤ︾ ᠶᠢ ︽ᠯᠠᠪᠲᠠᠶ ᠴᠢᠳᠠᠬᠤ︾ ᠪᠣᠯᠭᠠᠨ ᠬᠤᠪᠢᠷᠠᠭᠤᠯᠵᠤ᠂ ︽ᠬᠢᠵᠦ ᠳᠡᠶᠢᠯᠬᠦ ᠥᠬᠡᠶ︾ ᠶᠢ ︽ᠰᠠᠶᠢᠲᠤᠷ ᠡᠷᠭᠢᠯᠡᠬᠦ︾ ᠪᠣᠯᠭᠠᠨ ᠬᠤᠪᠢᠷᠠᠭᠤᠯᠵᠤ᠂ ᠪᠥᠬᠦ ᠪᠠᠯᠭᠠᠰᠤᠨ ᠤ ᠳᠡᠭᠡᠳᠦ ᠳᠣᠤᠷᠠᠳᠤ ᠱᠠᠲᠤᠨ ᠤ ᠬᠥᠭᠵᠢᠯᠲᠡ ᠶᠢ ᠶᠡᠬᠡᠪᠡᠷ ᠠᠳᠬᠤᠬᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠠᠮᠢᠳᠤᠯᠢᠭ ᠪᠠᠶᠢᠳᠠᠯ ᠢ ᠪᠣᠶ ᠪᠣᠯᠭᠠᠬᠤ ᠬᠡᠷᠡᠭᠲᠡᠶ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号