ᠪᠠᠢ ᠴᠦᠨ ᠯᠸᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/2
      4 ᠰᠠᠷ᠎ᠠ ᠶᠢᠨ 1 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠠᠵᠤ ᠠᠬᠤᠶᠢᠯᠠᠯ ᠤᠨ ᠦᠶ᠋ᠯᠡᠳᠪᠦᠷᠢᠯᠡᠯ ᠡᠵᠡᠩᠨᠡᠯᠲᠡ ᠵᠢᠴᠢ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃      ᠢ ᠬᠤᠸᠠ ᠬᠢᠮᠢ ᠶᠢᠨ ᠠᠵᠤ ᠦᠢᠯᠡᠳᠪᠦᠷᠢ ᠶᠢᠨ ᠪᠣᠬᠢᠷᠲᠤᠯ ᠥᠬᠡᠶ ᠠᠭᠤᠷᠬᠠᠶ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠠᠶ᠂ ᠳᠠᠬᠢᠯᠲᠠ ᠤᠰᠤ ᠵᠢᠴᠢ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠲᠤᠬᠠᠶ ᠶᠢᠨ ᠲᠠᠯᠠᠪᠠᠶ᠂ ᠮᠧᠩ ᠶᠢᠨ ᠳ᠋ᠢᠶᠠᠨ ᠱᠢ ᠺᠣᠮᠫᠠᠨᠢ᠂ ᠪᠦᠦ ᠬᠤᠩ ᠬᠢᠮᠢ ᠶᠢᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠪᠠᠶ ᠴᠦᠨ ᠯᠸᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠢᠴᠢ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠦᠴᠢᠷᠳᠡᠯ ᠪᠠ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠵᠣᠬᠢᠴᠠᠭᠤᠯᠤᠨ ᠰᠢᠢᠳᠪᠦᠷᠢᠯᠡᠪᠡ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡᠯᠡᠯ ᠢᠶᠠᠨ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠠᠮᠢ ᠠᠬᠤᠢ ᠣᠷᠴᠢᠨ ᠲᠣᠭᠤᠷᠢᠨ ᠤ ᠬᠤᠷᠢᠭ᠎ᠠ ᠱᠤᠭᠤᠮ ᠤᠨ ᠤᠯᠠᠭᠠᠨ ᠱᠤᠭᠤᠮ ᠢ ᠡᠷᠡᠰ ᠪᠠᠲᠤ ᠰᠠᠬᠢᠵᠤ᠂ ᠨᠡᠭᠦᠷᠡᠰᠦᠨ ᠤ ᠪᠤᠰᠤ ᠠᠭᠤᠷᠬᠠᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠳᠠᠬᠢᠯᠲᠠ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠯᠠᠨ ᠡᠷᠴᠢᠮᠵᠢᠭᠦᠯᠬᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠬᠠᠮᠵᠢᠯᠴᠠᠨ ᠠᠬᠢᠭᠤᠯᠬᠤ ᠬᠡᠷᠡᠭᠲᠡᠢ ᠭᠡᠵᠦ ᠬᠡᠯᠡᠪᠡ᠃ ᠠᠵᠤ ᠠᠬᠤᠶᠢᠯᠠᠯ ᠤᠨ ᠪᠤᠳᠤᠵᠤ ᠪᠠᠶᠢᠭ᠎ᠠ ᠵᠦᠢᠯ ᠢ ᠪᠤᠳᠤᠵᠤ᠂ ᠠᠵᠤ ᠠᠬᠤᠶᠢᠯᠠᠯ ᠤᠨ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠲᠤ ᠴᠢᠩᠭ᠎ᠠ ᠥᠮᠥᠭ ᠲᠦᠰᠢᠭ ᠪᠣᠯᠬᠤ ᠬᠡᠷᠡᠭᠲᠡᠢ᠃ ᠠᠵᠤ ᠠᠬᠤᠶᠢᠯᠠᠯ ᠤᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠡᠶᠢᠭᠡᠮ ᠤᠨ ᠬᠠᠷᠢᠭᠤᠴᠠᠯᠭ᠎ᠠ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠢ ᠨᠢᠭᠡᠳᠬᠡᠵᠦ᠂ ᠡᠯ᠎ᠡ ᠲᠦᠷᠦᠯ ᠤᠨ ᠲᠣᠪᠤᠶᠢᠮ᠎ᠠ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠲᠡᠷᠡ ᠬᠡᠪ ᠢᠶᠠᠷ ᠨᠢ ᠲᠦᠢᠯᠪᠤᠷᠢᠲᠠᠢ ᠥᠭᠡᠷᠡᠴᠢᠯᠡᠵᠦ᠂ ᠪᠣᠳᠠᠲᠠᠢ ᠳᠤ ᠬᠦᠷᠲᠡᠯ᠎ᠡ ᠥᠭᠡᠷᠡᠴᠢᠯᠡᠵᠦ᠂  ᠪᠦᠬᠦ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ  ᠶᠢ  ᠠᠬᠢᠭᠤᠯᠬᠤ  ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号