2025 ᠣᠨ ᠤ 4 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠬᠦᠬᠤᠰᠤ ᠪᠠᠯᠭᠠᠰᠤ 2025 | ᠣᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ | ᠬᠤᠷᠠᠯᠳᠤᠭᠤᠯᠵᠤ᠂ ᠪᠠᠯᠭᠠᠰᠤ᠂ ᠨᠡᠶᠢᠭᠡᠮ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ | ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ 8 ᠬᠥᠮᠦᠨ ᠬᠤᠷᠠᠯ ᠳᠤ ᠣᠷᠣᠯᠴᠠᠪᠠ᠃ | ᠬᠤᠷᠠᠯ ᠠᠴᠠ ᠬᠦᠬᠤᠰᠣ ᠪᠠᠯᠭᠠᠰᠤᠨ ᠤ 2024 ᠣᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ | ᠵᠥᠪᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ 2025 ᠣᠨ ᠤ ᠪᠥᠬᠦ | ᠪᠠᠯᠭᠠᠰᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠳᠤ ᠪᠣᠳᠠᠲᠠᠶ ᠱᠠᠭᠠᠷᠳᠠᠯᠭ᠎ᠠ | ᠳᠤᠷᠠᠳᠴᠠᠶ᠃ | ᠬᠤᠷᠠᠯ ᠠᠴᠠ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ︽ᠵᠠᠩ ᠶᠤᠸᠠᠨ ᠵᠦᠩ ᠨᠥᠬᠦᠷ ᠤᠨ ᠪᠦᠬᠦ ᠣᠷᠣᠨ ᠤ ᠬᠤᠶᠢᠴᠢ | ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠤᠨ ᠬᠤᠷᠠᠯ ᠳᠡᠭᠡᠷᠡᠬᠢ ᠮᠡᠳᠡᠭᠦᠯᠦᠯᠲᠡ︾ ᠶᠢ ᠨᠠᠷᠢᠨ | ᠬᠢᠨᠠᠮᠠᠭᠠᠢ ᠰᠤᠷᠤᠯᠴᠠᠵᠤ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ | ᠭᠦᠨᠵᠡᠭᠡᠢ ᠲᠠᠨᠢᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ | ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠳᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠬᠤᠶᠢᠴᠢ ᠦᠶ᠎ᠡ ᠪᠠᠨ ᠬᠠᠯᠠᠮᠵᠢᠯᠠᠬᠤ | ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠠᠵᠢᠯ ᠳᠠᠭᠠᠨ ᠣᠷᠣᠯᠴᠠᠪᠠ᠃ ᠬᠤᠶᠠᠷ ᠲᠤ᠂ ᠭᠤᠣᠯ ᠶᠡᠭᠡ ᠲᠠᠯ᠎ᠠ ᠶᠢᠨ ᠲᠣᠭᠤᠷᠢᠨ ᠳᠤ᠂ | ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠠᠵᠢᠯ ᠤᠨ ᠭᠠᠷᠳᠠᠬᠤ ᠴᠡᠭ ᠪᠠ ᠤᠶᠠᠯᠳᠤᠯ ᠤᠨ ᠴᠡᠭ ᠢ ᠣᠨᠣᠪᠴᠢᠲᠠᠢ ᠣᠯᠵᠤ᠂ ᠰᠤᠷᠭᠠᠨ ᠬᠥᠮᠦᠵᠢᠯ ᠤᠨ | ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠲᠠᠪᠤᠨ ᠨᠠᠰᠤᠲᠠᠨ︾ ᠤ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠯᠠᠭᠤᠴᠤᠳ ᠪᠠᠭᠠᠴᠤᠳ ᠲᠤ ᠬᠠᠤᠯᠢ | ᠲᠦᠭᠡᠮᠡᠯᠵᠢᠭᠦᠯᠬᠦ ᠬᠥᠮᠦᠵᠢᠯ᠂ ᠦᠵᠡᠯ ᠰᠠᠨᠠᠭᠠᠨ ᠤ ᠬᠥᠮᠦᠵᠢᠯ᠂ ᠤᠯᠤᠰ ᠢᠶᠠᠨ ᠬᠠᠶᠢᠷᠠᠯᠠᠬᠤ ᠬᠥᠮᠦᠵᠢᠯ ᠵᠡᠷᠭᠡ | ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠰᠤᠷᠭᠠᠨ ᠬᠥᠮᠦᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ | ᠪᠦᠳᠦᠮᠵᠢᠳᠦ ᠴᠢᠨᠠᠷ ᠢ ᠴᠢᠩᠭᠠᠳᠬᠠᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠠᠲᠠᠬᠤ ᠬᠦᠴᠦᠨ | ᠪᠠ ᠨᠥᠯᠥᠭᠡᠯᠡᠬᠦ ᠬᠦᠴᠦᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠠᠵᠢᠯ ᠤᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ︽ᠨᠠᠮ ᠤᠨ | ᠪᠠᠶᠢᠭᠤᠯᠤᠯᠲᠠ ᠪᠠᠷ ᠪᠣᠭᠤᠮᠲᠠ ᠶᠢᠨ ᠪᠠᠶᠢᠭᠤᠯᠤᠯᠲᠠ ᠶᠢ ᠳᠠᠶᠢᠴᠢᠯᠠᠬᠤ︾ ᠪᠠᠷ ᠤᠳᠤᠷᠢᠳᠤᠮᠵᠢ ᠪᠣᠯᠭᠠᠵᠤ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ︽ᠲᠠᠪᠤᠨ ᠠᠬᠠᠮᠠᠳ︾ ᠢ ᠬᠠᠯᠠᠮᠵᠢᠯᠠᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ︽ᠲᠠᠪᠤᠨ ᠠᠬᠠᠮᠠᠳ︾ ᠢ ᠪᠠᠶᠢᠩᠭᠤᠵᠢᠭᠤᠯᠤᠨ ᠨᠥᠬᠦᠪᠥᠷᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠨᠡᠩ ᠤᠯᠠᠨ ᠤᠯᠤᠰ ᠲᠦᠷᠦ ᠶᠢᠨ ᠬᠡᠪ ᠴᠢᠨᠠᠷ ᠢᠶᠠᠷ ᠥᠨᠳᠥᠷ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ | ᠲᠤᠷᠰᠢᠯᠭ᠎ᠠ ᠪᠠᠷ ᠪᠠᠶᠠᠯᠢᠭ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠢ ᠲᠡᠳᠡᠨ ᠠᠪᠴᠢᠷᠠᠵᠤ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠡᠩᠨᠡᠭᠡ ᠳᠤ ᠣᠷᠣᠭᠤᠯᠵᠤ᠂ ᠪᠦᠬᠦ ᠪᠠᠯᠭᠠᠰᠤᠨ ᠤ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ |