4 ᠰᠠᠷ᠎ᠠ ᠶᠢᠨ 22 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠴᠦᠨ ᠯᠸᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ | ᠱᠠᠯᠠᠪᠳᠠᠭᠤᠯᠤᠨ ᠵᠢᠯᠣᠭᠤᠳᠪᠠ᠃ ᠲᠣᠭᠤᠷᠢᠭ ᠤᠨ ᠤᠳᠤᠷᠢᠳᠤᠯᠭ᠎ᠠ ᠵᠠᠩ ᠨᠢᠩ ᠣᠷᠣᠯᠴᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠤᠷᠢᠳ ᠬᠤᠵᠢᠳ ᠬᠤᠤ ᠶᠣᠣ ᠽᠢ ᠱᠠᠨ | ᠰᠤᠷᠭᠠᠭᠤᠯᠢ᠂ ᠷᠠᠰᠠᠩ ᠰᠦᠮ᠎ᠡ ᠪᠠᠯᠭᠠᠰᠤᠨ ᠤ ᠱᠦ ᠭᠤᠸᠠᠩ ᠲᠣᠰᠬᠤᠨ᠂ ᠬᠦᠬᠤᠰᠣ ᠪᠠᠯᠭᠠᠰᠤᠨ ᠤ ᠨᠡᠶᠢᠭᠡᠮ | ᠲᠣᠭᠤᠷᠢᠭ ᠤᠨ ᠬᠡᠷ ᠲᠡᠭᠡᠨ ᠰᠠᠭᠤᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠵᠡᠷᠭᠡ | ᠭᠠᠵᠠᠷ ᠲᠤ ᠬᠦᠷᠴᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ | ᠯᠠᠪᠳᠠᠭᠤᠨ ᠪᠠᠲᠤᠲᠠᠢ ᠥᠷᠨᠢᠭᠦᠯᠵᠦ᠂ ᠬᠠᠷᠢᠭᠤᠴᠠᠯᠭ᠎ᠠ ᠡᠭᠦᠷᠭᠡᠯᠡᠯ ᠢ ᠴᠢᠨᠠᠭᠰᠢᠳᠠ ᠴᠢᠩᠭᠠᠳᠬᠠᠵᠤ᠂ ᠤᠯᠠᠨ | ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠩᠭᠡᠨ | ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠴᠢᠬᠤᠯᠠᠴᠢᠯᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠤᠯᠠᠨ | ᠲᠦᠮᠡᠨ ᠤ ᠬᠠᠨᠤᠮᠵᠢ ᠶᠢᠨ ᠬᠡᠮᠵᠢᠶ᠎ᠡ ᠪᠣᠯᠤᠨ ᠬᠦᠷᠲᠡᠮᠵᠢ ᠶᠢᠨ ᠲᠦᠷᠦᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ | ᠬᠡᠯᠡᠪᠡ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠦᠨᠡᠨ ᠬᠦ ᠰᠠᠶᠢᠲᠤᠷ | ᠬᠠᠮᠢᠶᠠᠷᠴᠤ ᠰᠠᠶᠢᠲᠤᠷ ᠬᠡᠷᠡᠭᠯᠡᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ | ᠦᠷᠭᠦᠯᠵᠢᠯᠡᠨ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠠᠷᠭ᠎ᠠ | ᠬᠡᠮᠵᠢᠶ᠎ᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠰᠡᠳᠬᠢᠯ ᠲᠠᠯᠪᠢᠨ ᠬᠦᠴᠦᠯᠡᠨ ᠠᠬᠢᠭᠤᠯᠬᠤ ᠬᠡᠷᠡᠭᠲᠡᠢ᠃ | ᠰᠤᠷᠭᠠᠭᠤᠯᠢ ᠶᠢᠨ ᠬᠦᠷᠢᠶᠡᠨ ᠤ ᠵᠠᠩᠭᠢᠯᠠᠭ᠎ᠠ ᠶᠢᠨ ᠬᠦᠷᠢᠶ᠎ᠡ ᠪᠣᠯᠤᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠭᠠᠯ ᠤᠨᠲᠠᠷᠠᠭᠠᠬᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ | ᠬᠤᠭᠤᠯᠠᠨ ᠭᠡᠷ ᠤᠨ ᠪᠠᠷᠢᠮᠵᠢᠶ᠎ᠠ᠂ ᠶᠠᠪᠤᠴᠠ᠂ ᠲᠣᠭᠲᠠᠴᠠ᠂ ᠲᠦᠷᠢᠮ ᠢ ᠲᠡᠭᠦᠯᠳᠡᠷᠵᠢᠭᠦᠯᠵᠦ᠂ ᠵᠣᠭᠤᠰ ᠮᠥᠩᠭᠦ | ᠰᠤᠷᠤᠭᠴᠢᠳ ᠤᠨ ᠬᠤᠭᠤᠯᠠ ᠪᠤᠳᠠᠭᠠᠨ ᠤ ᠠᠶᠠᠭᠠᠨ ᠳᠤ ᠰᠢᠯᠵᠢᠬᠦ ᠶᠢ ᠪᠠᠲᠤᠯᠠᠬᠤ ᠬᠡᠷᠡᠭᠲᠡᠢ᠃ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ | ᠬᠡᠷᠡᠭᠯᠡᠯᠲᠡ ᠶᠢ ᠬᠢᠨᠠᠨ ᠬᠠᠮᠢᠶᠠᠷᠬᠤ ᠪᠠ ᠬᠥᠳᠡᠭᠡ ᠲᠣᠰᠬᠤᠨ ᠤ ︽ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ︾ | ᠤᠨ ᠬᠠᠮᠢᠶᠠᠷᠤᠯᠲᠠ ᠶᠢᠨ ᠲᠦᠷᠢᠮ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠪᠡᠯᠡ ᠮᠥᠩᠭᠦ ᠶᠢᠨ | ᠬᠡᠷᠡᠭᠯᠡᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠪᠣᠳᠠᠰ ᠤᠨ ᠰᠠᠭᠤᠷᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠦᠵᠦ | ᠲᠥᠯᠥᠪᠯᠡᠭᠡ ᠶᠢ ᠴᠢᠩᠭᠠᠳᠬᠠᠵᠤ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠦᠯᠵᠢᠶᠡᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠡᠷᠡᠭᠯᠡᠯᠲᠡ ᠶᠢᠨ | ᠨᠤᠷᠮ᠎ᠠ ᠶᠢ ᠳᠡᠭᠡᠭᠰᠢᠯᠡᠭᠦᠯᠵᠦ᠂ ᠨᠠᠰᠤᠲᠠᠶᠢᠴᠤᠳ ᠤᠨ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ |