ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ 5 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/23
      4 ᠰᠠᠷ᠎ᠠ ᠶᠢᠨ 22 ᠤᠨ ᠡᠳᠦᠷ᠂ ᠬᠠᠶᠢᠨᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠢ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠲᠤᠰ ᠤᠳᠠᠭᠠᠨ ᠤ ᠬᠤᠷᠠᠯ ᠳᠤ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠵᠦ᠂ ᠬᠡᠰᠡᠭ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ ᠰᠤᠷᠤᠯᠴᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ᠂ ᠨᠠᠮ ᠤᠨ ᠬᠢᠴᠢᠶᠡᠯ ᠢ ᠲᠦᠷᠦᠭᠦᠯᠡᠨ ᠰᠠᠶᠢᠲᠤᠷ ᠶᠠᠷᠢᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠨᠢ ᠳᠡᠭᠡᠭᠰᠢᠯᠡᠭᠦᠯᠪᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠬᠤᠯᠠᠴᠢᠯᠠᠵᠤ᠂ ᠠᠰᠠᠭᠤᠳᠠᠯ ᠢ ᠭᠦᠨᠵᠡᠭᠡᠢ ᠪᠠᠶᠢᠴᠠᠭᠠᠨ ᠳᠡᠯᠭᠡᠬᠦ ᠬᠡᠷᠡᠭᠲᠡᠢ᠃ ᠤᠯᠠᠨ ᠲᠦᠮᠡᠨ ᠤ ᠠᠩᠬᠠᠷᠴᠤ ᠪᠠᠶᠢᠭ᠎ᠠ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ᠂ ᠠᠵᠢᠯ ᠣᠯᠭᠤᠯᠲᠠ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷ ᠢ ᠪᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠵᠤ᠂ ᠠᠵᠢᠯ ᠢᠶᠠᠨ ᠣᠷᠣᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠢ ᠡᠷᠢᠵᠦ ᠭᠠᠷᠭᠠᠪᠠ᠃ ᠴᠢᠩᠭ᠎ᠠ ᠪᠣᠳᠠᠲᠠᠢ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠪᠠᠷᠢᠨ ᠮᠡᠳᠡᠵᠦ ᠪᠠᠷᠢᠨ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢᠨ ᠬᠠᠮᠲᠤ ᠲᠦᠷᠢᠮ ᠲᠣᠭᠲᠠᠭᠠᠯ ᠲᠣᠭᠲᠠᠭᠠᠬᠤ ᠶᠢ ᠴᠠᠭ ᠲᠤᠬᠠᠶ ᠳᠤᠨᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠠᠶ ᠦᠷ᠎ᠡ ᠪᠦᠲᠦᠮᠵᠢ ᠪᠠᠷ ᠥᠭᠡᠷᠡᠴᠢᠯᠡᠯᠲᠡ ᠶᠢ ᠠᠬᠢᠭᠤᠯᠵᠤ᠂ ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠪᠠ᠃ ᠰᠤᠷᠴᠤ ᠬᠡᠷᠡᠭᠯᠡᠬᠦ ᠶᠢ ᠤᠶᠠᠯᠳᠤᠭᠤᠯᠬᠤ ᠶᠢ ᠴᠢᠩᠭᠠᠳᠬᠠᠵᠤ᠂ ᠦᠷ᠎ᠡ ᠪᠦᠲᠦᠭᠡᠯ ᠢ ᠬᠤᠪᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ᠂ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠢ ᠰᠠᠶᠢᠲᠤᠷ ᠬᠢᠬᠦ ᠪᠠ ︽ᠠᠷᠪᠠᠨ ᠵᠦᠢᠯ ᠤᠨ ᠭᠤᠣᠯᠳᠠᠯᠭ᠎ᠠ ᠲᠠᠢ ᠡᠭᠦᠷᠭᠡ︾ ᠶᠢ ᠰᠠᠶᠢᠲᠤᠷ ᠬᠢᠬᠦ ᠲᠠᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ᠂ ᠰᠢᠷᠭᠠᠭᠤ ᠠᠵᠢᠯᠯᠠᠵᠤ᠂ ᠵᠣᠷᠢᠭᠲᠠᠢ ᠪᠠᠷ ᠠᠵᠢᠯ ᠬᠢᠵᠦ᠂ ᠡᠷᠡᠮᠡᠬᠡᠶᠢᠯᠡᠨ ᠤᠷᠤᠭᠰᠢᠯᠠᠵᠤ᠂ ᠢᠳᠡᠪᠬᠢᠲᠡᠢ ᠠᠵᠢᠯᠯᠠᠬᠤ ᠶᠢ ᠬᠦᠳᠦᠯᠦᠨ ᠵᠢᠯᠣᠭᠤᠳᠴᠤ ᠠᠬᠢᠭᠤᠯᠤᠨ᠎ᠠ᠃      ᠬᠤᠷᠠᠯ ᠠᠴᠠ ᠪᠠᠰᠠ ᠪᠥᠬᠦ ᠲᠤᠭᠤᠷᠢᠭ ᠤᠨ ᠵᠠᠯᠠᠭᠤ ᠵᠢᠩᠬᠢᠨᠢ ᠰᠠᠯᠠᠭᠠᠨ ᠤ ᠲᠠᠰ ᠤᠨ ᠺᠠᠳ᠋ᠷ ᠤᠨ ᠲᠥᠯᠥᠭᠡᠯᠡᠭᠴᠢ ᠶᠢ ᠤᠷᠢᠵᠤ ᠰᠤᠯᠠ ᠣᠷᠣᠯᠴᠠᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号