4 ᠳ᠋ᠦ᠋ᠭᠡᠷ ᠰᠠᠷ᠎ᠠ ᠶᠢᠨ 23 ᠤ ᠡᠳᠦᠷ᠂ ᠬᠠᠶᠢᠨᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ 2025 ᠣᠨ ᠤ ᠬᠤᠶᠠᠳᠤᠭᠠᠷ ᠤᠯᠠᠷᠢᠯ ᠤᠨ ᠠᠵᠢᠯ ᠤᠨ ᠬᠤᠷᠠᠯ ᠵᠢᠴᠢ ᠠᠶᠤᠯᠭᠦᠢ | ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠵᠤ᠂ ᠣᠶᠢᠷ᠎ᠠ ᠶᠢᠨ ᠬᠤᠭᠤᠴᠠᠭᠠᠨ ᠤ ᠮᠠᠨ ᠤ | ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠶᠡᠷᠦᠩᠬᠡᠢ ᠪᠠᠶᠢᠳᠠᠯ ᠢ ᠮᠡᠳᠡᠭᠳᠡᠵᠦ᠂ ᠣᠶᠢᠷ᠎ᠠ ᠶᠢᠨ | ᠭᠤᠷᠪᠠᠨ ᠵᠢᠯ ᠳᠤ ᠮᠠᠨ ᠤ ᠣᠷᠣᠨ ᠳᠤ ᠡᠭᠦᠰᠦᠭᠰᠡᠨ ᠨᠡᠶᠢᠲᠡᠯᠢᠭ ᠠᠳᠡᠯ ᠤᠨ ᠬᠡᠷᠡᠭ ᠤᠨ ᠵᠢᠱᠢᠶ᠎ᠡ ᠶᠢ ᠭᠦᠨᠵᠡᠭᠡᠢ | ᠵᠠᠳᠠᠯᠵᠤ᠂ ᠲᠠᠷᠠᠭᠠᠴᠢ ᠶᠢᠨ ᠠᠯᠬᠤᠮ ᠤᠨ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠤᠨ | ᠰᠡᠳᠬᠢᠮᠵᠢ ᠶᠢ ᠲᠣᠳᠣᠷᠬᠠᠶᠢᠯᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠲᠣᠭᠤᠷᠢᠭ ᠤᠨ ᠳᠠᠷᠤᠭ᠎ᠠ ᠪᠠᠢ ᠴᠦᠨ ᠯᠸᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠪᠠᠶᠢᠳᠠᠯ ᠢ ᠲᠣᠳᠣᠷᠬᠠᠢ ᠲᠠᠨᠢᠵᠤ᠂ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠤ | ᠬᠥᠪᠴᠢ ᠶᠢ ᠴᠢᠩᠭᠠᠯᠠᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠳᠡᠯ ᠠᠴᠠ | ᠭᠦᠨᠵᠡᠭᠡᠢ ᠰᠤᠷᠭᠠᠮᠵᠢ ᠠᠪᠴᠤ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ | ᠰᠡᠳᠬᠢᠯᠭᠡ ᠪᠠᠷ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠳᠤ ᠲᠠᠬᠢᠨ ᠵᠠᠳᠠᠯᠤᠯᠲᠠ ᠬᠢᠵᠦ᠂ | ᠲᠠᠬᠢᠨ ᠰᠤᠳᠤᠯᠤᠨ ᠮᠠᠭᠠᠳᠯᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠭᠠᠮᠰᠢᠭ ᠪᠣᠯᠬᠤ ᠠᠴᠠ ᠡᠮᠦᠨ᠎ᠡ | ᠨᠠᠷᠢᠨ ᠬᠢᠨᠠᠮᠠᠭᠠᠢ ᠰᠢᠢᠳᠪᠦᠷᠢᠯᠡᠵᠦ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ | ᠠᠳᠬᠤᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠳᠠᠬᠢᠨᠲᠠ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ | ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠵᠦᠢᠴᠢᠯᠡᠨ ᠪᠠᠶᠢᠴᠠᠭᠠᠵᠤ᠂ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠲᠣᠣᠷ ᠢ ᠨᠢᠭᠲᠠ ᠰᠦᠯᠵᠢᠬᠦ ᠬᠡᠷᠡᠭᠲᠡᠢ᠃ ︽ᠨᠢᠭᠡ ᠶᠢ ᠠᠯᠳᠠᠪᠠᠯ | ᠲᠦᠮᠡ ᠶᠢ ᠠᠯᠳᠠᠬᠤ︾ ᠬᠤᠷᠢᠭ᠎ᠠ ᠱᠤᠭᠤᠮ ᠤᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠥᠲᠡᠯᠥᠨ | ᠬᠥᠳᠡᠯᠦᠯᠴᠡᠬᠦ᠂ ᠬᠢᠵᠠᠭᠠᠷᠲᠠᠢ ᠣᠷᠣᠨ ᠵᠠᠢ ᠳᠤ ᠠᠵᠢᠯᠯᠠᠬᠤ᠂ ᠲᠥᠬᠦᠭᠡᠷᠦᠮᠵᠢ ᠶᠢᠨ ᠬᠠᠮᠢᠶᠠᠷᠤᠯᠲᠠ᠂ ᠵᠠᠮ | ᠬᠠᠷᠢᠯᠴᠠᠭᠠᠨ ᠤ ᠠᠮᠤᠷ ᠲᠦᠪᠰᠢᠨ ᠵᠡᠷᠭᠡ ᠶᠢ ᠴᠢᠩᠭ᠎ᠠ ᠠᠩᠬᠠᠷᠴᠤ᠂ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ | ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠮᠠᠨ ᠤ ᠲᠤᠭᠤᠷᠢᠭ ᠤᠨ ᠠᠶᠤᠯ | ᠦᠭᠡᠢ ᠦᠢᠯᠡᠳᠪᠦᠷᠢᠯᠡᠯ ᠤᠨ ᠪᠦᠬᠦᠯᠢ ᠴᠣᠭᠴᠠ ᠶᠢᠨ ᠴᠢᠳᠠᠪᠤᠷᠢ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ | ᠪᠠᠶᠢᠯᠭᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠰᠢᠨ᠎ᠡ ᠪᠠᠶᠢᠷᠢᠰᠢᠯ ᠢ ᠪᠠᠶᠢᠭᠤᠯᠬᠤ ᠬᠡᠷᠡᠭᠲᠡᠢ᠃ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ ᠪᠣᠳᠠᠲᠠᠶᠢᠵᠢᠭᠤᠯᠵᠤ᠂ ᠠᠮᠤᠷ | ᠲᠦᠪᠰᠢᠨ ᠤ ᠬᠠᠷᠢᠭᠤᠴᠠᠯᠭ᠎ᠠ ᠶᠢ ᠠᠵᠢᠯ ᠤᠨ ᠪᠠᠶᠢᠷᠢ ᠨᠢᠭᠡᠪᠦᠷᠢ᠂ ᠭᠤᠭᠴᠤᠭ᠎ᠠ ᠨᠢᠭᠡᠪᠦᠷᠢ ᠳᠤ ᠬᠦᠷᠲᠡᠯ᠎ᠡ | ᠨᠠᠷᠢᠯᠢᠭᠵᠢᠭᠤᠯᠵᠤ᠂ ︽ᠴᠠᠭᠠᠰᠤᠨ ᠳᠡᠭᠡᠷ᠎ᠡ ᠵᠢᠭᠰᠠᠭᠠᠨ ᠪᠠᠶᠢᠴᠠᠭᠠᠬᠤ︾᠂ ︽ᠲᠤᠭ᠎ᠠ ᠪᠠᠷᠢᠮᠲᠠ ᠶᠢ ᠬᠠᠭᠤᠷᠮᠠᠭ ᠢᠶᠠᠷ | ᠵᠣᠬᠢᠶᠠᠬᠤ︾ ᠶᠢ ᠡᠷᠡᠰ ᠬᠤᠷᠢᠭᠯᠠᠵᠤ᠂ ︽ᠵᠢᠭᠰᠠᠭᠠᠨ ᠪᠠᠶᠢᠴᠠᠭᠠᠵᠤ ᠶᠣᠰᠣᠨ ᠲᠡᠳᠦᠶ ᠥᠩᠭᠡᠷᠡᠭᠦᠯᠬᠦ᠂ ᠴᠡᠭᠴᠡᠯᠡᠨ | ᠰᠠᠶᠢᠵᠢᠷᠠᠭᠤᠯᠬᠤ︾ ᠦᠵᠡᠭᠳᠡᠯ ᠢ ᠶᠠᠭᠠᠬᠢᠭᠰᠠᠨ ᠴᠤ ᠵᠥᠪᠰᠢᠶᠡᠷᠡᠬᠦ ᠥᠬᠡᠶ᠃ ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠨ ᠬᠠᠲᠠᠭᠤ ᠡᠷᠳᠡᠮ ᠪᠣᠯᠪᠠᠰᠤᠷᠠᠭᠤᠯᠵᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ | ᠰᠢᠢᠳᠪᠦᠷᠢᠯᠡᠬᠦ ᠵᠢᠩᠬᠢᠨᠢ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠬᠠᠪᠤᠷ ᠵᠤᠨ ᠤ ᠤᠯᠠᠷᠢᠯ ᠤᠨ ᠭᠠᠮᠰᠢᠭ ᠤᠨ | ᠣᠨᠴᠠᠯᠢᠭ ᠲᠠᠢ ᠤᠶᠠᠯᠳᠤᠭᠤᠯᠤᠨ᠂ ︽ᠠᠬᠤᠶ ᠪᠠᠶᠢᠳᠠᠯ ᠢ ᠳᠠᠭᠤᠷᠢᠶᠠᠬᠤ ᠪᠣᠳᠠᠲᠤ ᠪᠠᠶᠢᠯᠳᠤᠭᠠᠨ ᠤ ᠰᠣᠷᠢᠯᠲᠠ︾ | ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ | ᠪᠠᠶᠢᠭᠤᠯᠤᠯᠲᠠ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠯᠲᠡ ᠶᠢᠨ | ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃ | ᠭᠤᠤᠯᠳᠠᠯᠭ᠎ᠠ ᠲᠠᠢ ᠴᠠᠭ ᠬᠤᠭᠤᠴᠠᠭᠠᠨ ᠳᠤ ᠪᠠᠯᠠᠶ ᠣᠷᠣᠨ ᠢ ᠠᠷᠢᠯᠭᠠᠵᠤ᠂ ᠪᠠᠶᠠᠷ ᠤᠨ ᠡᠳᠦᠷ ᠤᠨ ᠠᠮᠤᠷ | ᠲᠦᠪᠰᠢᠨ ᠤ ᠬᠠᠮᠠᠭᠠᠯᠠᠯᠲᠠ ᠶᠢᠨ ᠬᠡᠷᠡᠮ ᠢ ᠪᠠᠲᠤ ᠴᠣᠭᠴᠠᠯᠠᠬᠤ ᠬᠡᠷᠡᠭᠲᠡᠶ᠃ ᠡᠷᠬᠡᠪᠰᠢ ᠪᠠᠶᠠᠷ ᠳᠤᠷᠠᠰᠬᠠᠯ ᠤᠨ | ᠡᠳᠦᠷ ᠠᠴᠠ ᠡᠮᠦᠨᠡᠬᠢ ︽ᠠᠮᠤᠷ ᠲᠦᠪᠰᠢᠨ ᠤ ᠨᠡᠭᠡᠯᠡᠬᠡᠶ︾ ᠶᠢ ᠴᠢᠩᠭᠠᠯᠠᠵᠤ᠂ ᠵᠢᠵᠢᠭᠦᠷᠯᠡᠨ ᠰᠠᠬᠢᠬᠤ | ᠬᠠᠷᠢᠭᠤᠴᠠᠯᠭ᠎ᠠ ᠶᠢᠨ ᠲᠣᠤᠷ ᠢ ᠨᠢᠭᠲᠠ ᠰᠦᠯᠵᠢᠵᠦ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ | ᠰᠢᠢᠳᠪᠦᠷᠢᠯᠡᠬᠦ ᠲᠦᠷᠭᠡᠨ ᠵᠠᠮ ᠢ ᠰᠠᠭᠠᠳ ᠥᠬᠡᠶ ᠨᠡᠪᠲᠡᠷᠡᠭᠦᠯᠵᠦ᠂ ᠡᠯ᠎ᠡ ᠲᠥᠷᠥᠯ ᠤᠨ ᠲᠦᠭᠰᠢᠭᠦᠷᠢᠲᠦ ᠪᠠᠶᠢᠳᠠᠯ ᠢ | ᠲᠡᠷᠡ ᠳᠠᠷᠤᠶ ᠳᠤᠨᠢ ᠪᠠᠴᠢᠮ ᠪᠠᠶᠢᠳᠠᠯ ᠢ ᠠᠷᠭᠠᠴᠠᠬᠤ ᠶᠢ ᠡᠬᠢᠯᠡᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠳᠤ | ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ |