ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/25
      4 ᠰᠠᠷ᠎ᠠ ᠶᠢᠨ 24 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠬᠤᠷᠠᠯᠳᠤᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠬᠤᠷᠠᠯ ᠢ ᠡᠷᠬᠢᠯᠡᠪᠡ᠃      ᠬᠤᠷᠠᠯ ᠠᠴᠠ᠂ ᠪᠥᠬᠦ ᠣᠷᠣᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠡᠷᠬᠢᠨ ᠲᠣᠭᠤᠷᠢᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠡᠷᠬᠢᠨ ᠲᠣᠭᠤᠷᠢᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠷᠬᠢᠨ ᠲᠣᠭᠤᠷᠢᠨ ᠤ ᠤᠯᠤᠰ ᠯᠤᠭ᠎ᠠ ᠠᠵᠤ ᠦᠢᠯᠡᠳᠪᠦᠷᠢ ᠶᠢᠨ ᠪᠠᠷᠠᠭᠠᠨ ᠤ ᠭᠦᠢᠯᠭᠡᠭᠡ᠂ ᠲᠠᠸᠠᠷ ᠤᠨ ᠠᠷᠠᠯᠵᠢᠶ᠎ᠠ᠂ ᠰᠣᠶᠣᠯ ᠵᠢᠭᠤᠯᠴᠢᠯᠠᠯ ᠵᠡᠷᠭᠡ ᠬᠦᠷᠢᠶᠡᠨ ᠳᠠᠬᠢ ᠪᠥᠬᠦ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠶᠢᠨ ᠬᠠᠮᠲᠤ᠂ ᠤᠮᠠᠷᠠᠰᠢ ᠨᠡᠭᠡᠭᠡᠯᠲᠡ ᠬᠢᠬᠦ ᠲᠤᠯᠭᠠᠭᠤᠷᠢᠯᠠᠯ ᠢᠶᠠᠨ ᠦᠷᠭᠦᠯᠵᠢᠯᠡᠨ ᠴᠢᠩᠭᠠᠳᠬᠠᠵᠤ᠂ ᠳᠤᠮᠳᠠᠳᠤ ᠮᠣᠩᠭᠤᠯ ᠣᠷᠣᠰ ᠤᠨ ᠤᠨᠴᠠᠯᠢᠬᠳᠤ ᠠᠷᠠᠯᠵᠢᠶᠠᠨ ᠤ ᠣᠷᠣᠨ ᠳᠤ ᠲᠦᠰᠢᠭᠯᠡᠨ᠂ ᠣᠶᠤᠨᠴᠢ ᠬᠥᠮᠥᠷᠭᠡᠯᠡᠨ ᠬᠠᠳᠠᠭᠠᠯᠠᠬᠤ ᠬᠦᠢᠳᠡᠨ ᠬᠡᠯᠬᠢᠶᠡᠲᠦ ᠡᠳ᠋ᠰᠢᠭᠦᠯᠬᠦ ᠰᠠᠭᠤᠷᠢᠨ ᠭᠠᠵᠠᠷ ᠢ ᠭᠠᠷᠳᠠᠨ ᠪᠠᠶᠢᠭᠤᠯᠵᠤ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠳᠠᠷᠠᠭᠤᠯᠤᠨ ᠣᠷᠣᠰ᠂ ᠮᠣᠩᠭᠤᠯ ᠤᠯᠤᠰ ᠵᠡᠷᠭᠡ ᠤᠨᠴᠠᠯᠢᠬᠳᠤ ᠲᠠᠸᠠᠷ ᠢ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠦᠷᠢᠯᠳᠦᠭᠦᠯᠵᠦ᠂ ᠣᠷᠣᠰ ᠮᠣᠩᠭᠤᠯ ᠳᠤ ᠨᠡᠭᠡᠭᠡᠯᠲᠡ ᠬᠢᠬᠦ ᠬᠢᠷᠢ ᠲᠦᠪᠰᠢᠨ ᠢᠶᠠᠨ ᠦᠷᠭᠦᠯᠵᠢᠯᠡᠨ ᠥᠷᠭᠡᠳᠬᠡᠬᠦ ᠬᠡᠷᠡᠭᠲᠡᠶ᠃ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠶ᠎ᠡ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠂ ᠰᠣᠶᠣᠯ ᠤᠨ ᠬᠥᠮᠦᠨ ᠬᠥᠮᠦᠵᠢᠭᠦᠯᠬᠦ ᠦᠢᠯᠡᠳᠦᠯ ᠢ ᠴᠢᠬᠤᠯᠠᠴᠢᠯᠠᠵᠤ᠂ ᠰᠣᠶᠣᠯ ᠤᠨ ᠢᠲᠡᠭᠡᠯ ᠢᠶᠠᠨ ᠴᠢᠩᠭᠠᠳᠬᠠᠬᠤ ᠬᠡᠷᠡᠭᠲᠡᠶ᠃      ᠬᠤᠷᠠᠯ ᠠᠴᠠ ᠴᠢᠬᠤᠯᠠᠴᠢᠯᠠᠭᠰᠠᠨ ᠨᠢ᠂ ︽5.1︾ ᠤ ᠠᠮᠠᠷᠠᠯᠲᠠ ᠣᠶᠢᠷᠠᠳᠴᠤ᠂ ᠪᠦᠬᠦ ᠲᠤᠭᠤᠷᠢᠭ ᠢᠶᠠᠷ ᠢᠶᠠᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠶᠢᠨ ᠬᠠᠮᠲᠤ ᠪᠦᠬᠦ ᠨᠠᠮ ᠤᠨ ᠭᠡᠰᠢᠭᠦᠨ ᠺᠠᠳ᠋ᠷᠴᠤᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠵᠢᠷᠤᠮᠯᠠᠵᠤ᠂ ᠭᠠᠳᠠᠭᠰᠢ ᠭᠠᠷᠴᠤ ᠮᠡᠳᠡᠭᠦᠯᠦᠨ ᠳᠠᠩᠰᠠᠯᠠᠭᠤᠯᠬᠤ ᠪᠠ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠰᠤᠷᠲᠠᠯ ᠴᠢᠬᠡᠴᠢ ᠣᠪᠣᠷ ᠲᠥᠪ ᠠᠭᠤᠷ ᠠᠮᠢᠰᠬᠤᠯ ᠢᠶᠠᠷ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ 2025 ᠣᠨ ᠤ ᠭᠤᠤᠯ ᠤᠨ ᠳᠠᠷᠤᠭ᠎ᠠ ᠶᠢᠨ ᠲᠦᠷᠢᠮ ᠤᠨ ᠠᠵᠢᠯ ᠤᠨ ᠭᠤᠤᠯᠳᠠᠯᠭ᠎ᠠ︾᠂ ︽ᠬᠠᠶᠢᠨᠠᠨ ᠲᠣᠭᠤᠷᠢᠭ ᠤᠨ 2025 ᠣᠨ ᠤ ᠣᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠭᠤᠤᠯᠳᠠᠯᠭ᠎ᠠ︾ ᠶᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号