ᠷᠠᠰᠠᠩ ᠰᠦᠮ᠎ᠡ ᠪᠠᠯᠭᠠᠰᠤ 2025 ᠣᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/27
      4 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ 2025 ᠣᠨ ᠤ ᠷᠠᠰᠠᠩ ᠰᠦᠮ᠎ᠡ  ᠪᠠᠯᠭᠠᠰᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠷᠠᠰᠠᠩ ᠰᠦᠮ᠎ᠡ ᠪᠠᠯᠭᠠᠰᠤ 2025 ᠣᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠬᠤᠷᠠᠯ ᠢ ᠣᠨᠴᠠᠭᠠᠶᠢᠯᠠᠨ ᠬᠤᠷᠠᠯᠳᠤᠭᠤᠯᠵᠤ᠂ ᠷᠠᠰᠠᠩ ᠰᠦᠮ᠎ᠡ ᠪᠠᠯᠭᠠᠰᠤᠨ ᠤ ᠵᠣᠬᠢᠶᠠᠨ ᠪᠠᠶᠢᠭᠤᠯᠬᠤ ᠭᠡᠰᠢᠭᠦᠨ᠂ ᠪᠠᠶᠢᠩᠭᠤ ᠶᠢᠨ ᠳᠡᠳ᠋ ᠡᠷᠬᠢᠯᠡᠭᠴᠢ ᠵᠢᠴᠢ ᠡᠯ᠎ᠡ ᠲᠣᠰᠬᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠷᠠᠰᠠᠩ ᠰᠦᠮ᠎ᠡ ᠪᠠᠯᠭᠠᠰᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠸᠠᠩ ᠹᠧᠩ ᠶᠢᠩ ︽ᠵᠠᠩ ᠶᠤᠸᠠᠨ ᠵᠥᠩ ᠨᠥᠬᠦᠷ ᠤᠨ ᠪᠥᠬᠦ ᠣᠷᠣᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠤᠨ ᠮᠡᠳᠡᠬᠦᠯᠦᠯᠳᠡ︾ ᠶᠢᠨ ᠵᠣᠷᠢᠭ ᠰᠠᠨᠠᠭ᠎ᠠ ᠪᠣᠯᠤᠨ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠣᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ 2025 ᠣᠨ ᠤ ᠷᠠᠰᠠᠩ ᠰᠦᠮ᠎ᠡ ᠪᠠᠯᠭᠠᠰᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠳᠤ ᠪᠠᠶᠢᠷᠢᠯᠠᠭᠤᠯᠤᠯᠲᠠ ᠬᠢᠵᠦ᠂ ᠭᠤᠤᠯᠳᠠᠭᠤ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ᠂ ︽ᠲᠠᠪᠤᠨ ᠠᠬᠠᠮᠠᠳ︾ ᠤᠨ ᠦᠶ᠋ᠯᠡᠳᠦᠯ ᠢ ᠪᠠᠳᠠᠷᠠᠭᠤᠯᠬᠤ᠂ ︽ᠲᠠᠪᠤ ᠲᠠᠪᠤᠨ ᠰᠠᠶᠢᠨᠲᠠᠶ︾ ᠦᠨᠳᠦᠰᠦᠨ ᠱᠠᠲᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠢ ᠪᠠᠶᠢᠭᠤᠯᠬᠤ ᠵᠡᠷᠭᠡ ᠲᠠᠯ᠎ᠠ ᠪᠠᠷ ᠨᠠᠷᠢᠨ ᠲᠣᠳᠣᠷᠬᠠᠶ ᠡᠭᠦᠷᠭᠡ ᠶᠢᠨ ᠵᠠᠳᠠᠯᠤᠯᠲᠠ ᠬᠢᠵᠡᠶ᠃ ᠡᠭᠦᠨ ᠤ ᠬᠠᠮᠲᠤ ᠰᠢᠨ᠎ᠡ ᠪᠠᠶᠢᠳᠠᠯ ᠳᠣᠤᠷ᠎ᠠ ᠤᠬᠠᠭᠤᠯᠭ᠎ᠠ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠰᠢᠨ᠎ᠡ ᠱᠠᠭᠠᠷᠳᠠᠯᠭ᠎ᠠ ᠪᠠ ᠡᠭᠦᠷᠭᠡ ᠳᠤᠷᠠᠳᠪᠠ᠂ ᠣᠯᠠᠨ ᠢᠶᠠᠷ ᠢᠶᠠᠨ ᠶᠡᠭᠡ ᠲᠠᠯ᠎ᠠ ᠪᠠ ᠭᠤᠤᠯ ᠡᠭᠦᠷᠭᠡ ᠶᠢᠨ ᠲᠣᠭᠤᠷᠢᠨ ᠳᠤ ᠰᠡᠳᠬᠢᠴᠡ ᠪᠠᠨ ᠲᠠᠰᠤᠷᠠᠯᠲᠠ ᠦᠭᠡᠢ ᠥᠷᠭᠡᠳᠬᠡᠵᠦ᠂ ᠤᠬᠠᠭᠤᠯᠭ᠎ᠠ ᠶᠢᠨ ᠠᠵᠢᠯ ᠤᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠪᠠ ᠪᠦᠲᠦᠭᠡᠯᠴᠢ ᠬᠦᠴᠦᠨ ᠢ ᠴᠢᠷᠮᠠᠶᠢᠨ ᠴᠢᠩᠭᠠᠳᠬᠠᠬᠤ ᠶᠢ ᠬᠦᠰᠡᠵᠦ ᠪᠠᠶᠢᠨ᠎ᠠ᠃      ᠬᠠᠮᠤᠭ ᠰᠡᠭᠦᠯ ᠳᠤ᠂ ᠷᠠᠰᠠᠩ ᠰᠦᠮ᠎ᠡ ᠪᠠᠯᠭᠠᠰᠤᠨ ᠤ ᠵᠣᠬᠢᠶᠠᠨ ᠪᠠᠶᠢᠭᠤᠯᠬᠤ ᠭᠡᠰᠢᠭᠦᠨ ᠴᠦ᠋ ᠵᠢᠶᠠᠨ ᠯᠢ ᠵᠢᠭᠠᠵᠤ ᠭᠠᠷᠭᠠᠭᠰᠠᠨ ᠨᠢ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠪᠣᠯ ᠨᠠᠮ ᠤᠨ ᠦᠢᠯᠡᠰ ᠤᠨ ᠵᠠᠯᠭᠠᠮᠵᠢᠯᠠᠭᠴᠢ ᠲᠠᠢ ᠬᠤᠯᠪᠣᠭᠳᠠᠬᠤ ᠪᠠᠶᠢᠯᠳᠤᠬᠤ ᠪᠤᠳᠤᠯᠭ᠎ᠠ ᠶᠢᠨ ᠢᠨᠵᠧᠨᠧᠷᠢᠩ ᠪᠣᠯᠤᠨ᠎ᠠ᠃ ᠡᠯ᠎ᠡ ᠲᠣᠰᠬᠤᠨ ᠤ ᠬᠢᠨ ︽ᠨᠠᠮ ᠤᠨ ᠪᠠᠶᠢᠭᠤᠯᠤᠯᠲᠠ ᠪᠠᠷ ᠪᠣᠭᠤᠮᠲᠠ ᠶᠢᠨ ᠪᠠᠶᠢᠭᠤᠯᠤᠯᠲᠠ ᠶᠢ ᠳᠠᠶᠢᠴᠢᠯᠠᠬᠤ︾ ᠶᠢ ᠪᠠᠷᠢᠮᠲᠠᠯᠠᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠢ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠳᠤ ᠣᠷᠣᠭᠤᠯᠵᠤ᠂ ᠲᠤᠰ ᠤᠳᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠠᠷᠠᠯᠲᠠ ᠲᠠᠢ ᠪᠠᠷ ᠬᠦᠴᠦᠯᠡᠵᠦ᠂ ᠭᠦᠨᠵᠡᠭᠡᠢ ᠬᠦᠴᠦ ᠣᠷᠣᠭᠤᠯᠵᠤ᠂ ᠰᠡᠳᠬᠢᠯ ᠲᠠᠯᠪᠢᠨ ᠬᠦᠴᠦ ᠣᠷᠣᠭᠤᠯᠵᠤ᠂ ᠵᠡᠭᠡᠯᠢ ᠭᠤᠳᠤᠮᠵᠢ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号