ᠷᠠᠰᠠᠩ ᠰᠦᠮ᠎ᠡ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 119 ᠳ᠋ᠤᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/27
      4 ᠰᠠᠷ᠎ᠠ ᠶᠢᠨ 25 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠶᠤᠸᠠᠢ ᠯᠦᠩ ᠷᠠᠰᠠᠩ ᠰᠦᠮ᠎ᠡ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 119 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠡᠷᠬᠢᠨ ᠲᠣᠭᠤᠷᠢᠨ ᠤ ᠠᠵᠢᠯ ᠤᠨ ᠬᠤᠷᠠᠯ ᠳᠡᠭᠡᠷ᠎ᠡ᠂ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ᠂ ᠤᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠶᠠᠷ ᠢ ᠬᠦᠷᠢᠶᠡᠯᠡᠬᠦ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ︾ ᠶᠢ ᠤᠯᠠᠮᠵᠢᠯᠠᠨ ᠰᠤᠷᠤᠯᠴᠠᠵᠤ᠂ ᠬᠤᠳᠠ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠦᠬᠠᠢ ᠶᠢᠨ ᠨᠢᠭᠡᠳᠦᠭᠡᠷ ᠨᠠᠮ ᠤᠨ ᠡᠭᠦᠷ ᠤᠨ ᠳᠤᠷᠠᠰᠬᠠᠯ ᠤᠨ ᠣᠷᠳᠣᠨ ᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ ᠤ ᠠᠷᠠᠳ ᠤᠨ ᠭᠤᠣᠯ ᠴᠣᠭᠴᠠ᠂ ᠨᠠᠮ ᠤᠨ ᠭᠡᠰᠢᠭᠦᠨ ᠤᠯᠠᠨ ᠲᠦᠮᠡᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠵᠡᠷᠭᠡ ᠤᠯᠠᠨ ᠲᠠᠯ᠎ᠠ ᠶᠢᠨ ᠬᠦᠴᠦᠨ ᠢ ᠭᠦᠢᠴᠡᠳ ᠪᠠᠳᠠᠷᠠᠭᠤᠯᠵᠤ᠂ ᠭᠡᠷ ᠤᠨ ᠠᠷᠤ ᠥᠪᠥᠷ᠂ ᠲᠣᠰᠬᠤᠨ ᠤ ᠵᠠᠮ᠂ ᠭᠤᠣᠯ ᠤᠨ ᠵᠠᠮ ᠤᠨ ᠬᠠᠵᠠᠭᠤ ᠶᠢᠨ ᠭᠤᠤ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠪᠠᠶᠢᠩᠭᠤᠵᠢᠭᠤᠯᠤᠨ ᠴᠡᠪᠡᠷᠯᠡᠬᠦ ᠬᠡᠷᠡᠭᠲᠡᠢ᠃ ᠤᠢᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠠᠳᠬᠤᠵᠤ᠂ ᠤᠢ ᠰᠢᠭᠤᠢ ᠶᠢᠨ ᠭᠠᠯ ᠢ ᠰᠡᠷᠭᠡᠶᠢᠯᠡᠬᠦ ᠲᠣᠭᠤᠷᠢᠨ ᠪᠠᠶᠢᠴᠠᠭᠠᠬᠤ ᠪᠠ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠢ ᠰᠢᠭᠤᠢ ᠶᠢᠨ ᠭᠠᠯ ᠢ ᠰᠡᠷᠭᠡᠶᠢᠯᠡᠬᠦ ᠪᠠᠶᠢᠳᠠᠯ ᠤᠨ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ᠬᠠᠷᠢᠶ᠎ᠠ ᠣᠷᠣᠨ ᠤ ᠳᠣᠲᠣᠷᠠᠬᠢ ᠦᠵᠡᠮᠵᠢ ᠶᠢᠨ ᠣᠷᠣᠨ᠂ ᠬᠤᠳᠠᠯᠳᠤᠭᠠᠨ ᠤ ᠫᠦᠰᠡ᠂ ᠠᠵᠤ ᠠᠬᠤᠶᠢᠯᠠᠯ ᠳᠤ ᠪᠠᠶᠠᠷ ᠤᠨ ᠡᠳᠦᠷ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠪᠣᠯᠤᠨ ᠭᠠᠯ ᠢ ᠰᠡᠷᠭᠡᠶᠢᠯᠡᠬᠦ ᠪᠠᠶᠢᠴᠠᠭᠠᠯᠲᠠ ᠶᠢ ᠰᠠᠶᠢᠲᠤᠷ ᠬᠢᠵᠦ᠂ ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠨᠡᠳᠲᠡ ᠶᠢᠨ ᠬᠡᠷᠡᠭ ᠢ ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠰᠢᠢᠳᠪᠦᠷᠢᠯᠡᠬᠦ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠢ ᠶᠡᠬᠡᠪᠡᠷ ᠪᠠᠳᠠᠷᠠᠭᠤᠯᠵᠤ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠵᠡᠷᠭᠡ ᠠᠵᠢᠯᠯᠠᠭ᠎ᠠ ᠶᠢ ᠠᠰᠢᠭᠯᠠᠵᠤ᠂ ᠷᠠᠰᠠᠩ ᠰᠦᠮ᠎ᠡ ᠪᠠᠯᠭᠠᠰᠤᠨ ᠤ ᠬᠤᠪᠢᠰᠬᠠᠯ ᠤᠨ ᠰᠣᠶᠣᠯ᠂ ᠲᠠᠷᠢᠶᠠᠯᠠᠬᠤ ᠰᠣᠶᠣᠯ᠂ ᠦᠵᠦᠮ ᠤᠨ ᠰᠣᠶᠣᠯ ᠪᠣᠯᠤᠨ ᠬᠠᠳᠤᠨ ᠭᠤᠣᠯ ᠤᠨ ᠰᠣᠶᠣᠯ ᠤᠨ ᠠᠭᠤᠯᠬᠤᠨ ᠢ ᠪᠦᠬᠦ ᠲᠠᠯ᠎ᠠ ᠪᠠᠷ ᠢᠯᠡᠷᠡᠭᠦᠯᠵᠦ᠂ ᠤᠯᠠᠨ ᠲᠦᠮᠡᠨ ᠤ ᠢᠳᠡᠪᠬᠢᠲᠡᠢ ᠣᠷᠣᠯᠴᠠᠬᠤ ᠶᠢ ᠪᠦᠬᠦ ᠲᠠᠯ᠎ᠠ ᠪᠠᠷ ᠢᠯᠡᠷᠡᠭᠦᠯᠵᠦ᠂ ᠲᠠᠷᠢᠶᠠᠯᠠᠬᠤ ᠣᠷᠣᠨ ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠲᠣᠳᠣ ᠪᠦᠲᠦᠮᠵᠢᠲᠡᠢ ᠪᠠᠲᠤ ᠴᠣᠭᠴᠠᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号