ᠪᠠᠶᠠᠨᠲᠤᠬᠤᠢ ᠪᠠᠯᠭᠠᠰᠤ 2025 ᠣᠨ ᠤ 10 ᠳ᠋ᠤᠭᠠᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/27
      4 ᠰᠠᠷ᠎ᠠ ᠶᠢᠨ 24 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠶᠠᠨ ᠫᠧᠩ ᠪᠠᠶᠠᠨᠲᠤᠬᠤᠢ ᠪᠠᠯᠭᠠᠰᠤᠨ ᠤ 2025 ᠣᠨ ᠤ 10 ᠳ᠋ᠤᠭᠠᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ︾ ᠵᠡᠷᠭᠡ ᠠᠭᠤᠯᠭ᠎ᠠ ᠶᠢ ᠲᠤᠰᠬᠠᠢ ᠰᠡᠳᠦᠪ ᠢᠶᠠᠷ ᠰᠤᠷᠤᠯᠴᠠᠵᠤ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠴᠤᠬᠤᠶᠢᠵᠤ ᠪᠠᠶᠢᠭ᠎ᠠ ᠦᠶ᠎ᠡ᠂ ᠭᠠᠮᠰᠢᠭ ᠪᠣᠯᠬᠤ ᠠᠴᠠ ᠡᠮᠦᠨ᠎ᠡ ᠦᠨᠡᠨᠬᠦ ᠠᠷᠢᠯᠭᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠠᠷᠠᠳ ᠤᠨ ᠰᠠᠨᠠᠭᠠᠨ ᠳᠤ ᠨᠡᠶᠢᠴᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠵᠦ᠂ ᠨᠡᠩ ᠤᠯᠠᠨ ᠬᠠᠶᠢᠷ᠎ᠠ ᠰᠡᠳᠬᠢᠯᠭᠡ ᠲᠠᠢ᠂ ᠪᠣᠳᠠᠲᠤ ᠦᠷ᠎ᠡ ᠪᠦᠲᠦᠮᠵᠢ ᠤᠯᠬᠤ ᠠᠷᠭ᠎ᠠ ᠬᠡᠮᠵᠢᠶ᠎ᠡ ᠠᠪᠴᠤ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠬᠢᠵᠤ᠂ ᠣᠨᠣᠪᠴᠢᠲᠠᠢ ᠰᠠᠬᠢᠵᠤ᠂ ᠪᠠᠲᠤ ᠰᠠᠬᠢᠬᠤ ᠬᠡᠷᠡᠭᠲᠡᠢ᠃ ᠵᠢᠵᠢᠭᠦᠷᠯᠡᠨ ᠰᠠᠬᠢᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠶ᠃ ᠡᠯ᠎ᠡ ᠵᠢᠵᠢᠭᠦᠷᠯᠡᠭᠴᠢ ︽ᠴᠠᠭ ᠢᠮᠠᠭᠲᠠ ᠰᠠᠨᠠᠭ᠎ᠠ ᠠᠮᠤᠷ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠬᠤᠪᠢᠷᠠᠭᠤᠯᠤᠨ᠂ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠮᠡᠭᠡ ᠬᠤᠯᠪᠣᠭ᠎ᠠ ᠶᠢ 24 ᠴᠠᠭ ᠰᠠᠭᠠᠳ ᠥᠬᠡᠶ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠠᠴᠠ ᠪᠠᠨ ᠰᠠᠯᠬᠤ᠂ ᠠᠵᠢᠯ ᠤᠨ ᠪᠠᠶᠢᠷᠢ ᠠᠴᠠ ᠪᠠᠨ ᠬᠤᠴᠣᠷᠬᠤ᠂ ᠠᠵᠢᠯ ᠤᠨ ᠪᠠᠶᠢᠷᠢ ᠠᠴᠠ ᠪᠠᠨ ᠰᠠᠯᠬᠤ ᠵᠡᠷᠭᠡ ᠦᠵᠡᠭᠳᠡᠯ ᠢ ᠡᠷᠡᠰ ᠬᠤᠷᠢᠭᠯᠠᠵᠤ᠂ ᠲᠥᠪ ᠴᠢᠩᠭ᠎ᠠ ᠰᠠᠬᠢᠯᠭ᠎ᠠ ᠪᠠᠲᠤ ᠪᠠ ᠯᠠᠪᠳᠠᠭᠤᠨ ᠪᠠᠲᠤᠲᠠᠶ ᠰᠤᠷᠲᠠᠯ ᠢᠶᠠᠷ ᠣᠭ ᠰᠠᠨᠠᠭ᠎ᠠ ᠪᠠᠷ ᠢᠶᠠᠨ ᠣᠯᠠᠨ ᠲᠦᠮᠡᠨ ᠢ ᠰᠠᠨᠠᠭ᠎ᠠ ᠠᠮᠤᠷ ᠪᠠᠶᠢᠯᠭᠠᠵᠤ᠂ ᠪᠥᠬᠦ ᠬᠦᠴᠦᠨ ᠢᠶᠠᠷ ᠢᠶᠠᠨ ᠬᠠᠷᠢᠶ᠎ᠠ ᠣᠷᠣᠨ  ᠤ ᠠᠮᠤᠷ  ᠲᠦᠪᠰᠢᠨ  ᠲᠣᠭᠲᠠᠭᠤᠨ  ᠪᠠᠶᠢᠬᠤ ᠶᠢ ᠦᠨᠡᠨ  ᠬᠦ  ᠪᠠᠲᠤᠯᠠᠬᠤ  ᠬᠡᠷᠡᠭᠲᠡᠶ  ᠭᠡᠵᠦ ᠱᠠᠭᠠᠷᠳᠠᠪᠠ᠃      ᠬᠤᠷᠠᠯ ᠠᠴᠠ ︽ᠪᠠᠶᠠᠨᠲᠣᠬᠤᠶ ᠪᠠᠯᠭᠠᠰᠤᠨ ᠤ ᠨᠠᠮ ᠤᠨ ᠬᠤᠷᠢᠶ᠎ᠠ ᠶᠢᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠨᠠᠷᠢᠨ ᠲᠠᠩᠰᠠ︾᠂ ︽ᠪᠠᠶᠠᠨᠲᠣᠬᠤᠶ ᠪᠠᠯᠭᠠᠰᠤᠨ ᠤ ᠨᠠᠮ ᠤᠨ ᠬᠤᠷᠢᠶ᠎ᠠ ᠶᠢᠨ 2025 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ︾᠂ ︽2024 ᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠳᠣᠲᠣᠭᠠᠳᠤ ᠶᠢᠨ ᠡᠵᠡᠮᠳᠡᠯ ᠤᠨ ᠮᠡᠳᠡᠭᠦᠯᠦᠯᠲᠡ︾ ᠶᠢ ᠰᠤᠳᠤᠯᠤᠨ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠪᠠᠳᠤᠯᠠᠪᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号