2025 ᠣᠨ ᠤ 4 ᠰᠠᠷ᠎ᠠ ᠶᠢᠨ 25 ᠤ ᠡᠳᠦᠷ ᠤᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2025/4/27
      ᠪᠠᠢ ᠴᠦᠨ ᠯᠸᠢ᠄ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠥᠬᠢᠭᠦᠯᠦᠨ ᠰᠠᠶᠢᠰᠢᠶᠠᠬᠤ ᠬᠤᠷᠠᠯ ᠵᠢᠴᠢ ᠤᠯᠠᠷᠢᠯ ᠤᠨ ᠠᠵᠢᠯ ᠤᠨ ᠦᠨᠡᠯᠡᠯᠲᠡ ᠶᠢᠨ ᠬᠤᠷᠠᠯ ᠳᠤ ᠣᠷᠣᠯᠴᠠᠵᠤ᠂  ᠬᠤᠳᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃      ᠱᠢ ᠯᠢ ᠴᠢᠶᠠᠩ᠄  2025 ᠣᠨ ᠤ ᠬᠠᠶᠢᠨᠠᠨ ᠲᠣᠭᠤᠷᠢᠭ ᠤᠨ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠤᠶᠠᠳᠤᠭᠠᠷ ᠤᠳᠠᠭᠠᠨ ᠤ ᠬᠡᠷᠡᠭ ᠵᠥᠪᠯᠡᠬᠦ ᠬᠤᠷᠠᠯ ᠢ ᠵᠣᠬᠢᠶᠠᠨ ᠪᠠᠶᠢᠭᠤᠯᠤᠨ  ᠬᠤᠷᠠᠯᠳᠣᠭᠤᠯᠪᠠ᠃      ᠰᠢᠤ ᠹᠠᠩ᠄ ᠪᠥᠬᠦ ᠲᠣᠭᠤᠷᠢᠭ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠦᠮ᠎ᠡ ᠶᠢᠨ ᠬᠤᠷᠠᠯ ᠤᠨ ᠪᠡᠯᠡᠳᠬᠡᠯ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃      ᠯᠢᠦ ᠵᠢᠶᠠᠨ ᠫᠢᠩ᠄  2025 ᠣᠨ ᠤ ᠪᠥᠬᠦ ᠬᠤᠲᠠ ᠶᠢᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠠᠵᠢᠯ ᠤᠨ ᠬᠤᠷᠠᠯ ᠵᠢᠴᠢ ᠨᠢᠭᠡᠳᠦᠭᠡᠷ ᠤᠯᠠᠷᠢᠯ ᠤᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃      ᠯᠢᠦ ᠲᠢᠶᠠᠨ ᠴᠢᠩ᠄ 2025 ᠣᠨ ᠤ ᠬᠠᠶᠢᠨᠠᠨ ᠲᠣᠭᠤᠷᠢᠭ ᠤᠨ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠤᠶᠠᠳᠤᠭᠠᠷ ᠤᠳᠠᠭᠠᠨ ᠤ ᠬᠡᠷᠡᠭ ᠵᠥᠪᠯᠡᠬᠦ ᠬᠤᠷᠠᠯ ᠳᠤ ᠣᠷᠣᠯᠴᠠᠵᠤ᠂ ᠬᠥᠬᠡᠬᠤᠲᠠ ᠳᠤ ᠬᠦᠷᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠳᠤ ᠣᠷᠣᠯᠴᠠᠪᠠ᠃      ᠸᠠᠩ ᠶᠦᠩ ᠱᠧᠩ᠄ ᠭᠤᠣᠯ ︵ᠶᠠᠩ ᠯᠦ ᠵᠢᠩ ᠭᠸᠤ᠂ ᠲᠤᠰᠤᠯᠲᠠᠲᠤ ᠭᠤᠷᠪᠠᠳᠤᠭᠠᠷ ᠪᠠᠷᠢᠭᠠᠳᠠ ᠶᠢᠨ ᠭᠤᠤ︶ ᠢ ᠲᠣᠭᠤᠷᠢᠨ ᠪᠠᠶᠢᠴᠠᠭᠠᠵᠤ᠂ ᠪᠠᠷᠢᠯᠭ᠎ᠠ ᠶᠢᠨ ᠭᠠᠵᠠᠷ ᠤᠨ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ ᠦᠯᠡᠳᠡᠭᠳᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ᠂ ᠾᠧᠩ ᠲᠠᠢ ᠯᠦᠩ ᠬᠤᠳᠠᠯᠳᠤᠭᠠᠨ ᠤ ᠲᠠᠯᠠᠪᠤᠷ ᠤᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠠᠵᠢᠯ ᠢᠶᠠᠨ ᠰᠡᠷᠭᠦᠭᠡᠭᠰᠡᠨ ᠪᠠᠶᠢᠳᠠᠯ ᠢ ᠪᠠᠶᠢᠴᠠᠭᠠᠨ  ᠰᠣᠳᠣᠯᠪᠠ᠃      ᠵᠠᠩ ᠨᠢᠩ᠄  ᠡᠮ ᠡᠮᠨᠡᠯᠭᠡ ᠶᠢᠨ ᠳᠠᠭᠠᠳᠬᠠᠯ ᠤᠨ ᠬᠠᠮᠢᠶ᠎ᠠ ᠪᠥᠬᠦᠶ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠲᠤᠰᠬᠠᠶ ᠲᠠᠯᠠᠪᠤᠷ ᠤᠨ ᠠᠵᠢᠯᠲᠠᠨ ᠡᠯᠰᠡᠬᠦ ᠲᠠᠨᠢᠯᠴᠠᠭᠤᠯᠭ᠎ᠠ ᠶᠢᠨ ᠬᠤᠷᠠᠯ ᠢ ᠵᠣᠬᠢᠶᠠᠨ ᠪᠠᠶᠢᠭᠤᠯᠪᠠ᠃      ᠶᠠᠩ ᠽᠧ ᠢᠦᠢ᠄ ᠬᠠᠶᠢᠨᠠᠨ ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠢ ᠰᠦᠢᠳᠬᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠦᠵᠦᠬᠦᠷ ᠤᠨ ᠭᠤᠣᠯ ︵ᠬᠠᠶᠢᠨᠠᠨ ᠤ ᠬᠦᠬᠤᠰᠣ ᠬᠡᠰᠡᠭ︶ ᠤᠨ ᠭᠤᠣᠯ ᠤᠨ ᠵᠠᠮ ᠢ ᠵᠠᠰᠠᠬᠤ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠵᠣᠯᠭᠠᠭᠤᠯᠬᠤ ᠶᠠᠪᠤᠳᠠᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠠᠵᠢᠯ ᠢ ᠥᠷᠨᠢᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号