4 ᠰᠠᠷ᠎ᠠ ᠶᠢᠨ 27 ᠤ ᠡᠳᠦᠷ᠂ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ | ᠬᠤᠷᠠᠯ ᠬᠤᠷᠠᠯᠳᠤᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠬᠤᠷᠠᠯ ᠳᠤ ᠣᠷᠣᠯᠴᠠᠨ | ᠶᠠᠷᠢᠶ᠎ᠠ ᠲᠠᠯᠪᠢᠵᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠯᠢ ᠰᠢᠶᠤᠤ ᠴᠢᠩ ᠬᠤᠷᠠᠯ ᠢ ᠡᠷᠭᠢᠯᠡᠵᠦ᠂ ᠲᠤᠭᠤᠷᠢᠭ ᠤᠨ ᠳᠥᠷᠪᠡᠨ ᠶᠡᠭᠡ ᠤᠳᠤᠷᠢᠳᠬᠤ | ᠪᠠᠭ ᠤᠨ ᠬᠤᠯᠪᠣᠭᠳᠠᠯ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ | ᠬᠤᠷᠠᠯ ᠠᠴᠠ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠦᠬᠠᠢ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ | ᠭᠦᠢᠴᠡᠳᠬᠡᠵᠦ᠂ ᠰᠢᠨ᠎ᠡ ᠴᠠᠭ ᠦᠶ᠎ᠡ ᠶᠢᠨ ᠬᠠᠶᠢᠨᠠᠨ ᠲᠣᠭᠤᠷᠢᠭ ᠤᠨ ᠨᠡᠶᠢᠭᠡᠮ ᠤᠨ ᠠᠵᠢᠯ ᠤᠨ ᠰᠢᠨ᠎ᠡ ᠪᠠᠶᠢᠳᠠᠯ ᠢ | ᠴᠢᠷᠮᠠᠶᠢᠨ ᠡᠭᠦᠳᠬᠦ ᠬᠡᠷᠡᠭᠲᠡᠢ᠃ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ | ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠴᠢᠨᠠᠭᠰᠢᠳᠠ ᠪᠦᠷᠢᠨᠰᠢᠬᠦᠯᠵᠤ᠂ ᠨᠠᠮ ᠤᠯᠠᠨ ᠲᠦᠮᠡᠨ ᠤ | ᠦᠢᠯᠡᠴᠢᠯᠡᠭᠡᠨ ᠤ ᠡᠬᠢ ᠪᠠᠶᠠᠯᠢᠭ ᠢ ᠰᠢᠨ᠎ᠡ ᠪᠠᠷ ᠮᠠᠨᠳᠤᠭᠰᠠᠨ ᠬᠦᠷᠢᠶᠡᠨ ᠳᠤ ᠨᠡᠭᠡᠭᠡᠯᠲᠡᠲᠡᠢ ᠬᠠᠮᠲᠤ ᠪᠠᠷ ᠡᠳ᠋ᠯᠡᠬᠦ ᠶᠢ | ᠠᠬᠢᠭᠤᠯᠵᠤ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ | ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠤ ᠠᠵᠢᠯᠳᠠᠨ ᠤᠯᠠᠨ ᠲᠦᠮᠡᠨ ᠳᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠮᠡᠳᠡᠷᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢ | ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠪᠠᠯᠭᠠᠰᠤ ︵ᠵᠡᠭᠡᠯᠢ ᠭᠤᠳᠤᠮᠵᠢ︶ ᠶᠢᠨ ᠨᠡᠶᠢᠭᠡᠮ ᠤᠨ ᠬᠠᠮᠢᠶᠠᠷᠤᠯᠲᠠ ᠪᠣᠯᠤᠨ ᠤᠯᠠᠨ | ᠨᠡᠶᠢᠲᠡ ᠶᠢᠨ ᠦᠢᠯᠡᠴᠢᠯᠡᠭᠡᠨ ᠤ ᠡᠭᠦᠷᠭᠡ ᠴᠢᠳᠠᠪᠬᠢ ᠶᠢ ᠴᠢᠩᠭᠠᠳᠬᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ | ᠦᠨᠳᠦᠰᠦᠨ ᠱᠠᠲᠤᠨ ᠤ ᠲᠣᠭᠲᠠᠭᠠᠭᠰᠠᠨ ᠡᠭᠦᠷᠭᠡ ᠶᠢ ᠯᠠᠪᠳᠠᠭᠤᠨ ᠪᠠᠲᠤᠲᠠᠢ ᠬᠢᠬᠦ ᠶᠢ ᠬᠦᠳᠦᠯᠦᠨ ᠵᠢᠯᠣᠭᠤᠳᠬᠤ | ᠬᠡᠷᠡᠭᠲᠡᠢ᠃ ᠤᠯᠠᠨ ᠲᠦᠮᠡᠨ ᠤ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ︽ᠲᠦᠷᠪᠡ ᠶᠢ | ᠦᠨᠳᠦᠰᠦᠨ ᠱᠠᠲᠤᠨ ᠳᠤ ᠪᠠᠭᠤᠯᠭᠠᠬᠤ︾ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠠᠮ ᠤᠨ ᠠᠴᠢ ᠶᠢ | ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠵᠥᠷᠢᠴᠡᠯ ᠢ ᠭᠦᠨᠵᠡᠭᠡᠢ ᠪᠠᠶᠢᠴᠠᠭᠠᠨ ᠰᠢᠢᠳᠪᠦᠷᠢᠯᠡᠵᠦ᠂ ᠠᠷᠠᠳ | ᠲᠦᠮᠡᠨ ᠤ ᠰᠠᠨᠠᠭᠤᠯᠭ᠎ᠠ ᠶᠢ ᠴᠤᠭᠯᠠᠭᠤᠯᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠰᠠᠶᠢᠨ ᠳᠤᠷ᠎ᠠ ᠶᠢᠨ | ᠦᠢᠯᠡᠴᠢᠯᠡᠭᠡ ᠪᠣᠯᠤᠨ ᠨᠡᠶᠢᠭᠡᠮ ᠤᠨ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ | ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠦᠨᠡᠨ ᠬᠦ ᠰᠠᠶᠢᠲᠤᠷ ᠵᠠᠮᠨᠠᠬᠤ ᠬᠡᠷᠡᠭᠲᠡᠢ᠃ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠨᠠᠮ ᠤᠨ ᠨᠡᠶᠢᠭᠡᠮ ᠤᠨ ᠠᠵᠢᠯ ᠳᠠᠬᠢ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ | ᠬᠦᠴᠦᠨ ᠴᠢᠳᠠᠯ ᠢ ᠨᠡᠶᠢᠳᠬᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠰᠢᠨ᠎ᠡ ᠴᠠᠭ | ᠦᠶ᠎ᠡ ᠶᠢᠨ ᠨᠡᠶᠢᠭᠡᠮ ᠤᠨ ᠠᠵᠢᠯ ᠤᠨ ᠰᠢᠨ᠎ᠡ ᠪᠠᠶᠢᠳᠠᠯ ᠢ ᠬᠦᠴᠦᠯᠡᠨ ᠡᠭᠦᠳᠬᠦ ᠬᠡᠷᠡᠭᠲᠡᠢ᠃ |