4 ᠰᠠᠷ᠎ᠠ ᠶᠢᠨ 2 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠠᠭᠤᠷᠬᠠᠶ ᠶᠢᠨ ᠣᠷᠣᠨ ᠤ ᠠᠮᠢ ᠠᠬᠤᠶ ᠣᠷᠴᠢᠨ ᠲᠣᠭᠤᠷᠢᠨ ᠤ | ᠵᠠᠰᠠᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ | ᠦᠬᠠᠶ ᠬᠤᠲᠠ ᠶᠢᠨ ᠵᠥᠩ ᠺᠧ ᠪᠦᠦ ᠴᠧᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠷᠦᠢ ᠱᠧᠩ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠬᠦᠵᠦᠭᠦᠪᠴᠢᠨ ᠰᠢᠯᠢ | ᠠᠭᠤᠷᠬᠠᠶ ᠶᠢᠨ ᠣᠷᠣᠨ ᠵᠡᠷᠭᠡ ᠭᠠᠵᠠᠷ ᠲᠤ᠂ ᠪᠠᠶ ᠴᠦᠨ ᠯᠸᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ | ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠭᠦᠷᠡᠰᠦᠨ ᠤ ᠪᠤᠰᠤ ᠠᠭᠤᠷᠬᠠᠶ ᠶᠢ | ᠡᠮᠬᠢᠯᠡᠨ ᠨᠡᠶᠢᠯᠡᠭᠦᠯᠦᠭᠰᠡᠨ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠭᠰᠠᠨ | ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠠᠭᠤᠷᠬᠠᠶ ᠶᠢᠨ ᠣᠷᠣᠨ ᠤ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠴᠢᠬᠤᠯᠠ ᠴᠢᠨᠠᠷ ᠪᠠ ᠲᠤᠯᠭᠠᠮ᠎ᠠ | ᠴᠢᠨᠠᠷ ᠢ ᠭᠦᠨᠵᠡᠭᠡᠶ ᠲᠠᠨᠢᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠵᠠᠰᠠᠯᠲᠠ ᠶᠢᠨ ᠡᠭᠦᠷᠭᠡ᠂ ᠠᠷᠭ᠎ᠠ | ᠬᠡᠮᠵᠢᠶ᠎ᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠠᠰᠠᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ | ᠲᠦᠷᠭᠡᠳᠬᠡᠵᠦ᠂ ᠵᠠᠰᠠᠯᠲᠠ ᠶᠢᠨ ᠠᠵᠢᠯ ᠢ ᠴᠠᠭ ᠲᠤᠬᠠᠶ ᠳᠤᠨᠢ ᠵᠢᠷᠤᠮᠵᠢᠭᠤᠯᠤᠨ ᠪᠡᠶᠡᠯᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠶ ᠭᠡᠵᠡᠶ᠃ ᠨᠡᠭᠦᠷᠡᠰᠦᠨ ᠤ ᠪᠤᠰᠤ ᠠᠭᠤᠷᠬᠠᠶ ᠶᠢ ᠡᠮᠬᠢᠯᠡᠨ ᠨᠡᠶᠢᠯᠡᠭᠦᠯᠬᠦ ᠬᠠᠷᠠᠯᠲᠠ ᠡᠭᠦᠷᠭᠡ ᠶᠢ | ᠴᠢᠩᠭ᠎ᠠ ᠠᠩᠬᠠᠷᠴᠤ᠂ ᠵᠢᠯᠣᠭᠤᠳᠬᠤ ᠪᠠᠷᠢᠮᠵᠢᠶ᠎ᠠ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ︽ᠨᠢᠭᠡ ᠠᠵᠤ | ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ᠂ ᠨᠢᠭᠡ ᠠᠭᠤᠷᠬᠠᠶ ᠳᠤ ᠨᠢᠭᠡ ᠠᠷᠭ᠎ᠠ ᠪᠣᠳᠣᠯᠭ᠎ᠠ︾ ᠶᠢ ᠴᠠᠭ | ᠮᠥᠴᠡ ᠶᠢ ᠠᠮᠵᠢᠨ ᠠᠬᠢᠭᠤᠯᠵᠤ᠂ ᠲᠥᠷᠥᠯ ᠬᠤᠪᠢᠶᠠᠨ ᠪᠣᠭᠤᠮᠲᠠ ᠰᠢᠪᠲᠤᠯᠵᠤ ᠰᠢᠪᠲᠤᠯᠤᠯᠲᠠ ᠶᠢ ᠠᠳᠬᠤᠵᠤ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠡᠪᠴᠢᠶᠡᠵᠢᠭᠦᠯᠦᠨ ᠨᠡᠭᠡᠭᠡᠨ ᠮᠠᠯᠲᠠᠬᠤ᠂ ᠡᠷᠴᠢᠮᠵᠢᠭᠦᠯᠦᠨ | ᠠᠰᠢᠭᠯᠠᠬᠤ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ |