ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠶ ᠬᠢᠨᠠᠯᠲᠠ ᠲᠠᠯᠪᠢᠬᠤ ᠲᠤᠬᠠᠶ ᠠᠯᠪᠠᠨ ᠮᠡᠳᠡᠭᠡ
ᠨᠡᠶᠢᠲᠡᠯᠡᠭᠰᠡᠨ ᠴᠠᠭ᠄
2025/4/3
      ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢ ᠵᠢᠷᠤᠮᠵᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠳᠣᠲᠣᠭᠠᠳᠤ ᠶᠢᠨ ᠬᠠᠤᠯᠢ ᠲᠦᠷᠢᠮ ᠤᠨ ᠬᠢᠨᠠᠯᠲᠠ ᠪᠠ ᠠᠵᠤ ᠠᠬᠤᠶᠢᠯᠠᠯ ᠤᠨ ᠣᠯᠠᠨ ᠲᠦᠮᠡᠨ ᠤ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠦᠨᠡᠨ ᠬᠦ ᠪᠠᠳᠠᠷᠠᠭᠤᠯᠤᠨ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠵᠠᠰᠠᠭ ᠵᠠᠬᠢᠷᠭᠠᠨ ᠤ ᠰᠢᠢᠳᠬᠡᠯ ᠥᠭᠬᠦ ᠵᠡᠷᠭᠡ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ︽ᠪᠡᠶ᠎ᠡ ᠶᠢᠨ ᠪᠠᠶᠢᠴᠠᠭᠠᠯᠲᠠ ᠶᠢᠨ ᠬᠡᠯᠪᠡᠷᠢ ᠶᠢᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠪᠥᠬᠦ ᠣᠷᠣᠨ ᠤ ᠬᠡᠪᠴᠢᠶᠡᠨ ᠳᠤ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠬᠢᠨᠠᠯᠲᠠ ᠲᠠᠯᠪᠢᠯᠲᠠ ᠶᠢ ᠵᠢᠷᠤᠮᠵᠢᠭᠤᠯᠬᠤ ᠠᠵᠢᠯ ᠥᠷᠨᠢᠭᠦᠯᠵᠦ᠂ ᠡᠳᠦᠭᠡ ᠨᠡᠶᠢᠭᠡᠮ ᠨᠡᠶᠢᠲᠡ ᠠᠴᠠ ᠬᠤᠯᠪᠣᠭᠳᠠᠯ ᠪᠥᠬᠦᠶ ᠠᠰᠠᠭᠤᠳᠠᠯ ᠤᠨ ᠰᠦᠪᠡᠭᠴᠢ ᠶᠢ ᠢᠯᠡ ᠪᠠᠷ ᠴᠤᠭᠯᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠣᠷᠣᠯᠴᠠᠬᠤ ᠪᠠ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠪᠣᠳᠠᠲᠠᠶ ᠤᠴᠢᠷ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠰᠦᠪᠡᠭᠴᠢ ᠴᠤᠭᠯᠠᠭᠤᠯᠬᠤ ᠬᠡᠪᠴᠢᠶ᠎ᠡ      ︵ᠨᠢᠭᠡ︶ ᠵᠠᠰᠠᠭ ᠵᠠᠬᠢᠷᠭᠠᠨ ᠤ ᠪᠠᠶᠢᠴᠠᠭᠠᠯᠳᠠ ᠶᠢᠨ ᠳᠠᠯ᠎ᠠ      1. ᠪᠡᠶᠡᠴᠢ ᠴᠣᠭᠴᠠ ᠶᠢᠨ ᠬᠢᠷᠢ ᠭᠡᠮ ᠢ ᠪᠦᠷᠢᠳᠦᠭᠦᠯᠦᠭᠰᠡᠨ ᠦᠭᠡᠶ ᠵᠠᠰᠠᠭ ᠵᠠᠬᠢᠷᠭᠠᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠭᠤᠤᠯᠳᠠᠭᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠬᠡᠮ ᠢ ᠪᠦᠷᠢᠯᠳᠦᠭᠦᠯᠦᠭᠡᠳᠦᠶ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠵᠠᠭᠤᠴᠢ ᠪᠠᠶᠢᠭᠤᠯᠤᠮᠵᠢ ᠵᠡᠷᠭᠡ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠵᠠᠰᠠᠭ ᠵᠠᠬᠢᠷᠭᠠᠨ ᠤ ᠪᠠᠶᠢᠴᠠᠭᠠᠯᠲᠠ ᠶᠢ ᠪᠣᠳᠠᠲᠠᠶ ᠬᠡᠷᠡᠭᠵᠢᠭᠦᠯᠦᠭᠰᠡᠨ ᠡᠰᠡᠬᠦ︔ ᠬᠠᠤᠯᠢ ᠬᠡᠷᠡᠭᠵᠢᠭᠦᠯᠬᠦ ᠦᠨᠡᠮᠯᠡᠯ ᠣᠯᠤᠭᠠᠳᠤᠶ ᠬᠠᠤᠯᠢ ᠬᠡᠷᠡᠭᠵᠢᠭᠦᠯᠬᠦ ᠲᠤᠰᠠᠯᠠᠬᠤ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ᠂ ᠲᠦᠷ ᠴᠠᠭ ᠤᠨ ᠠᠵᠢᠯᠴᠢᠨ ᠵᠡᠷᠭᠡ ᠠᠵᠢᠯᠲᠠᠨ ᠳᠤ ᠵᠠᠰᠠᠭ ᠵᠠᠬᠢᠷᠭᠠᠨ ᠤ ᠪᠠᠶᠢᠴᠠᠭᠠᠯᠲᠠ ᠬᠢᠬᠦ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠳᠤ ᠬᠢᠨᠠᠯᠲᠠ ᠲᠠᠯᠪᠢᠨ᠎ᠠ᠃      2. ᠪᠠᠶᠢᠴᠠᠭᠠᠬᠤ ᠤᠳᠠᠭ᠎ᠠ ᠬᠡᠲᠦ ᠠᠷᠪᠢᠨ ᠳᠤ ᠴᠢᠭᠯᠡᠭᠦᠯᠦᠨ᠂ ᠠᠳᠠᠯᠢ ᠨᠢᠭᠡᠨ ᠵᠦᠢᠯᠡᠰ ᠢ ᠳᠠᠬᠢᠨ ᠳᠠᠪᠲᠠᠨ ᠪᠠᠶᠢᠴᠠᠭᠠᠵᠤ᠂ ᠣᠯᠠᠨ ᠲᠠᠯ᠎ᠠ ᠠᠴᠠ ᠪᠠᠶᠢᠴᠠᠭᠠᠪᠠ᠃ ᠭᠤᠤᠯᠳᠠᠭᠤ ᠠᠳᠠᠯᠢ ᠪᠤᠰᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠦᠲᠦᠮᠵᠢᠲᠡᠶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠭᠡᠢ ᠪᠠᠶᠢᠬᠤ ᠡᠰᠡᠬᠦ᠂ ᠠᠳᠠᠯᠢ ᠨᠢᠭᠡ ᠴᠠᠭ ᠬᠤᠭᠤᠴᠠᠭᠠᠨ ᠳᠤ ᠠᠳᠠᠯᠢ ᠨᠢᠭᠡ ᠠᠵᠤ ᠠᠬᠤᠶᠢᠯᠠᠯ ᠳᠤ ᠣᠯᠠᠨ ᠲᠠᠯ᠎ᠠ ᠠᠴᠠ ᠬᠠᠤᠯᠢ ᠬᠡᠷᠡᠭᠵᠢᠭᠦᠯᠵᠦ ᠡᠯ᠎ᠡ ᠲᠥᠷᠥᠯ ᠤᠨ ᠪᠠᠶᠢᠴᠠᠭᠠᠯᠲᠠ ᠥᠷᠨᠢᠭᠦᠯᠦᠨ᠎ᠡ︔ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠵᠦᠢᠯᠡᠰ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠠᠷᠢᠴᠠᠭᠤᠯᠤᠨ ᠬᠡᠷᠡᠭᠵᠢᠭᠦᠯᠦᠭᠰᠡᠨ ᠦᠭᠡᠢ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠭᠰᠡᠨ ᠦᠭᠡᠢ ᠪᠠᠶᠢᠳᠠᠯ ᠣᠷᠣᠰᠢᠵᠤ ᠪᠠᠶᠢᠬᠤ ᠡᠰᠡᠬᠦ︔ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠵᠦᠢᠯᠡᠰ ᠢ ᠨᠡᠶᠢᠲᠡᠯᠡᠭᠰᠡᠨ ᠦᠭᠡᠢ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠵᠦᠢᠯᠡᠰ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ᠃      3. ᠠᠰᠢᠭ ᠬᠥᠭᠡᠭᠡᠴᠡᠯᠳᠦᠵᠦ ᠪᠠᠶᠢᠴᠠᠭᠠᠬᠤ᠂ ᠳᠤᠷ᠎ᠠ ᠵᠣᠷᠢᠭ ᠤᠨ ᠪᠠᠶᠢᠴᠠᠭᠠᠯᠲᠠ ᠬᠢᠬᠦ ᠳᠤ ᠴᠢᠭᠯᠡᠭᠦᠯᠦᠨ᠃ ᠭᠤᠤᠯᠳᠠᠭᠤ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠯᠡᠯ ᠥᠬᠡᠶ ᠪᠠᠶᠢᠳᠠᠯ ᠣᠷᠣᠰᠢᠵᠤ ᠪᠠᠶᠢᠬᠤ ᠡᠰᠡᠬᠦ ᠳᠤ ᠬᠢᠨᠠᠯᠲᠠ ᠲᠠᠯᠪᠢᠨ᠎ᠠ᠃      4. ᠪᠠᠶᠢᠴᠠᠭᠠᠬᠤ ᠪᠠᠷᠢᠮᠵᠢᠶ᠎ᠠ᠂ ᠳᠡᠰ ᠳᠠᠷᠠᠭᠠᠯᠠᠯ ᠨᠢ ᠲᠣᠳᠣᠷᠬᠠᠶ ᠦᠭᠡᠶ ᠳᠤ ᠴᠢᠭᠯᠡᠭᠦᠯᠦᠨ᠂ ᠳᠤᠷ᠎ᠠ ᠪᠠᠷ ᠢᠶᠠᠨ ᠪᠠᠶᠢᠴᠠᠭᠠᠨ᠎ᠠ᠃ ᠭᠤᠤᠯᠳᠠᠭᠤ ᠠᠳᠠᠯᠢ ᠪᠤᠰᠤ ᠭᠠᠵᠠᠷ ᠣᠷᠣᠨ ᠴᠢᠨᠠᠭᠰᠢᠯᠠᠪᠠᠯ ᠠᠳᠠᠯᠢ ᠨᠢᠭᠡᠨ ᠰᠠᠯᠠᠭ᠎ᠠ ᠮᠥᠴᠢᠷ ᠤᠨ ᠠᠳᠠᠯᠢ ᠪᠤᠰᠤ ᠬᠠᠤᠯᠢ ᠬᠡᠷᠡᠭᠵᠢᠭᠦᠯᠬᠦ ᠠᠵᠢᠯᠲᠠᠨ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠥᠷᠨᠢᠭᠦᠯᠬᠦ ᠳᠡᠭᠡᠨ᠂ ᠲᠠᠰ ᠳᠠᠷᠠᠭᠠᠯᠠᠯ ᠨᠢ ᠴᠢᠩᠭ᠎ᠠ ᠪᠢᠰᠢ᠂ ᠬᠡᠷᠡᠭᠵᠢᠭᠦᠯᠬᠦ ᠪᠠᠷᠢᠮᠵᠢᠶ᠎ᠠ ᠨᠢ ᠨᠢᠭᠡᠳᠦᠯᠲᠡᠶ ᠪᠢᠰᠢ ᠪᠠᠶᠢᠬᠤ ᠡᠰᠡᠬᠦ︔ ᠠᠵᠤ ᠠᠬᠤᠶᠢᠯᠠᠯ ᠳᠤ ᠬᠤᠯᠪᠣᠭᠳᠠᠬᠤ ᠪᠠᠶᠢᠴᠠᠭᠠᠯᠲᠠ ᠳᠤ ᠲᠥᠯᠥᠪᠯᠡᠭᠡ ᠶᠢᠨ ᠴᠢᠨᠠᠷ ᠪᠠ ᠵᠢᠷᠤᠮᠵᠢᠯ ᠤᠨ ᠴᠢᠨᠠᠷ ᠢᠶᠠᠷ ᠳᠤᠲᠠᠮᠠᠭ ᠪᠠᠶᠢᠬᠤ ᠡᠰᠡᠬᠦ᠂ ᠳᠤᠷ᠎ᠠ ᠪᠠᠷ ᠢᠶᠠᠨ ᠠᠵᠤ ᠠᠬᠤᠶᠢᠯᠠᠯ ᠳᠤ ᠣᠷᠣᠵᠤ ᠪᠠᠶᠢᠴᠠᠭᠠᠯᠲᠠ ᠬᠢᠬᠦ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠳᠤ ᠬᠢᠨᠠᠯᠲᠠ ᠲᠠᠯᠪᠢᠨ᠎ᠠ᠃      5. ᠬᠥᠳᠡᠯᠭᠡᠭᠡᠨ ᠬᠢᠬᠦ ᠮᠠᠶ᠋ᠢᠭ ᠤᠨ ᠪᠠᠶᠢᠴᠠᠭᠠᠯᠲᠠ᠂ ︽ᠶᠣᠰᠣᠨ ᠲᠡᠳᠦᠢ ᠥᠩᠭᠡᠷᠡᠭᠦᠯᠬᠦ︾ ᠪᠠᠶᠢᠴᠠᠭᠠᠯᠲᠠ ᠳᠤ ᠴᠢᠭᠯᠡᠭᠦᠯᠦᠨ᠎ᠡ᠃ ᠭᠤᠣᠯ ᠪᠣᠯᠬᠤ ᠬᠢᠨᠠᠯᠲᠠ ᠲᠠᠯᠪᠢᠯᠲᠠ ᠨᠢ ᠬᠢᠨᠠᠯᠲᠠ ᠬᠠᠮᠢᠶᠠᠷᠤᠯᠲᠠ ᠶᠢᠨ ᠪᠤᠰᠤᠳᠴᠢ ᠬᠡᠷᠡᠭᠴᠡᠭᠡ ᠪᠠᠶᠢᠬᠤ ᠡᠰᠡᠬᠦ᠂ ᠦᠨᠡᠯᠡᠨ ᠵᠢᠱᠢᠯᠲᠡ ᠶᠢ ᠳᠠᠮᠵᠢᠭᠰᠠᠨ ᠥᠬᠡᠶ᠂ ᠲᠥᠯᠥᠪᠯᠡᠭᠡ ᠲᠣᠭᠲᠠᠭᠠᠭᠰᠠᠨ ᠥᠬᠡᠶ᠂ ᠵᠥᠪᠰᠢᠶᠡᠷᠡᠯ ᠣᠯᠤᠭᠰᠠᠨ ᠥᠬᠡᠶ︔ ︽ᠨᠢᠭᠡ ᠬᠥᠮᠦᠨ ᠡᠪᠡᠳᠴᠢᠯᠡᠵᠦ᠂ ᠣᠯᠠᠨ ᠢᠶᠠᠷ ᠢᠶᠠᠨ ᠡᠮ ᠤᠤᠭᠤᠬᠤ︾ ᠶᠢ ᠨᠡᠶᠢᠳᠡᠮ ᠪᠦᠷᠬᠦᠭᠦᠯᠬᠦ᠂ ᠢᠯᠭᠠᠭ᠎ᠠ ᠥᠬᠡᠶ ᠪᠠᠶᠢᠴᠠᠭᠠᠯᠲᠠ ᠬᠢᠬᠦ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠳᠤ ᠬᠢᠨᠠᠯᠲᠠ ᠲᠠᠯᠪᠢᠨ᠎ᠠ᠃      ︵ᠬᠤᠶᠠᠷ︶ ᠵᠠᠰᠠᠭ ᠵᠠᠬᠢᠷᠭᠠᠨ ᠤ ᠰᠢᠳᠭᠡᠯᠳᠠ ᠶᠢᠨ ᠲᠠᠯ᠎ᠠ      6. ᠠᠵᠤ ᠠᠬᠤᠶᠢᠯᠠᠯ ᠤᠨ ᠰᠢᠳᠬᠡᠯ ᠥᠭᠬᠦ ᠬᠠᠤᠯᠢ ᠴᠠᠭᠠᠵᠠ ᠳᠤ ᠣᠨᠣᠪᠴᠢᠲᠠᠶ ᠪᠤᠰᠤ ᠪᠠᠶᠢᠳᠠᠯ ᠳᠤ ᠴᠢᠭᠯᠡᠭᠦᠯᠦᠨ᠎ᠡ᠃ ᠭᠤᠤᠯᠳᠠᠭᠤ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠰᠢᠢᠳᠬᠡᠯ ᠥᠭᠬᠦ ᠦᠶ᠎ᠡ ᠳᠤ ᠬᠠᠤᠯᠢ ᠴᠠᠭᠠᠵᠠ ᠳᠤ ᠬᠡᠷᠡᠭᠯᠡᠭᠰᠡᠨ ᠠᠯᠳᠠᠭ᠎ᠠ ᠣᠷᠣᠰᠢᠵᠤ ᠪᠠᠶᠢᠬᠤ ᠡᠰᠡᠬᠦ ᠳᠤ ᠬᠢᠨᠠᠯᠲᠠ ᠲᠠᠯᠪᠢᠵᠤ᠂ ᠠᠵᠤ ᠠᠬᠤᠶᠢᠯᠠᠯ ᠤᠨ ᠣᠨᠴᠠ ᠲᠣᠭᠲᠠᠭᠰᠠᠨ ᠦᠢᠯᠡ ᠠᠵᠢᠯᠯᠠᠭ᠎ᠠ ᠳᠤ ᠬᠡᠷᠡᠭᠯᠡᠬᠦ ᠦᠭᠡᠢ ᠵᠦᠢᠯ ᠵᠤᠷᠪᠤᠰ ᠢᠶᠠᠷ ᠰᠢᠳᠬᠡᠬᠦ ᠦᠨᠳᠦᠰᠦ ᠪᠠᠷᠢᠮᠲᠠ ᠪᠣᠯᠭᠠᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃      7. ᠴᠢᠯᠥᠭᠡᠲᠦ ᠲᠠᠰᠤᠯᠤᠯᠲᠠ ᠶᠢᠨ ᠡᠷᠬᠡ ᠳᠤᠷ᠎ᠠ ᠪᠠᠷ ᠬᠡᠷᠡᠭᠯᠡᠬᠦ᠃ ᠭᠤᠤᠯᠳᠠᠭᠤ ᠠᠩᠬ᠎ᠠ ᠤᠳᠠᠭ᠎ᠠ ᠬᠠᠤᠯᠢ ᠶᠢ ᠵᠥᠷᠢᠴᠡᠭᠰᠡᠨ ᠬᠥᠩᠭᠡᠪᠲᠦᠷ ᠪᠤᠶᠤ ᠨᠡᠶᠢᠭᠡᠮ ᠤᠨ ᠬᠤᠤᠷ ᠬᠥᠨᠥᠭᠡᠯ ᠨᠢ ᠨᠡᠯᠢᠶᠡᠳ ᠪᠠᠭ᠎ᠠ ᠪᠠᠶᠢᠪᠠᠯ ᠰᠢᠢᠳᠬᠡᠯ ᠥᠭᠬᠦ ᠦᠭᠡᠢ ᠤᠶᠠᠨ ᠬᠠᠳᠠᠨ ᠴᠢᠨᠠᠷᠲᠠᠶ ᠬᠠᠤᠯᠢ ᠬᠡᠷᠡᠭᠵᠢᠭᠦᠯᠬᠦ ᠠᠷᠭ᠎ᠠ ᠬᠡᠮᠵᠢᠶ᠎ᠡ ᠠᠪᠴᠤ ᠪᠠᠶᠢᠬᠤ ᠡᠰᠡᠬᠦ ᠳᠤ ᠬᠢᠨᠠᠯᠲᠠ ᠲᠠᠯᠪᠢᠨ᠎ᠠ︔ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠬᠤᠯᠪᠣᠭᠳᠠᠯ ᠪᠦᠬᠦᠢ ᠭᠡᠷᠡᠴᠢ ᠪᠠᠷᠢᠮᠲᠠ ᠦᠭᠡᠢ᠂ ᠪᠡᠶᠡᠴᠢ ᠴᠣᠭᠴᠠ ᠪᠠᠷ ᠢᠶᠠᠨ ᠰᠢᠢᠳᠬᠡᠯ ᠥᠭᠬᠦ ᠲᠤᠭ᠎ᠠ ᠬᠡᠮᠵᠢᠶ᠎ᠡ ᠶᠢ ᠳᠤᠷ᠎ᠠ ᠪᠠᠷ ᠢᠶᠠᠨ ᠲᠣᠭᠲᠠᠭᠠᠭᠰᠠᠨ ᠡᠰᠡᠬᠦ᠂ ᠬᠠᠤᠯᠢ ᠶᠢ ᠵᠥᠷᠢᠴᠡᠭᠰᠡᠨ ᠠᠳᠠᠯᠢᠪᠲᠤᠷ ᠪᠠᠶᠢᠳᠠᠯ ᠤᠨ ᠠᠳᠠᠯᠢ ᠪᠤᠰᠤ ᠠᠵᠤ ᠠᠬᠤᠶᠢᠯᠠᠯ ᠳᠤ ᠨᠡᠯᠢᠶᠡᠳ ᠶᠡᠭᠡ ᠵᠥᠷᠢᠶ᠎ᠡ ᠲᠠᠢ ᠪᠠᠶᠢᠬᠤ ᠰᠢᠢᠳᠬᠡᠯ ᠤᠨ ᠲᠣᠭᠲᠠᠭᠠᠯ ᠭᠠᠷᠭᠠᠵᠤ᠂ ︽ᠠᠳᠠᠯᠢ ᠬᠡᠷᠡᠭ ᠲᠤ ᠠᠳᠠᠯᠢ ᠪᠤᠰᠤ ᠰᠢᠢᠳᠬᠡᠯ ᠥᠭᠬᠦ︾ ᠵᠡᠷᠭᠡ ᠠᠰᠠᠭᠤᠳᠠᠯ ᠣᠷᠣᠰᠢᠵᠤ ᠪᠠᠶᠢᠨ᠎ᠠ᠃      8. ᠭᠡᠷᠡᠴᠢ ᠪᠠᠷᠢᠮᠲᠠ ᠴᠤᠭᠯᠠᠭᠤᠯᠬᠤ ᠨᠢ ᠵᠢᠷᠤᠮᠵᠢᠯ ᠥᠬᠡᠶ᠂ ᠲᠣᠷᠭᠠᠬᠤ ᠲᠠᠰ ᠳᠠᠷᠠᠭᠠᠯᠠᠯ ᠢ ᠪᠣᠳᠠᠲᠠᠶᠢᠵᠢᠭᠤᠯᠤᠭᠰᠠᠨ ᠥᠬᠡᠶ ᠳᠤ ᠴᠢᠭᠯᠡᠭᠦᠯᠦᠨ᠎ᠡ᠃ ᠭᠤᠣᠯᠳᠠᠭᠤ ᠠᠵᠤ ᠠᠬᠤᠶᠢᠯᠠᠯ ᠤᠨ ᠲᠣᠭᠠᠴᠢᠯᠲᠠ᠂ ᠵᠥᠪᠳᠡᠭᠡᠨ ᠲᠣᠳᠣᠷᠬᠠᠶᠢᠯᠠᠬᠤ ᠡᠷᠬᠡ ᠣᠷᠣᠰᠢᠵᠤ ᠪᠠᠶᠢᠬᠤ ᠡᠰᠡᠬᠦ ᠳᠤ ᠬᠢᠨᠠᠯᠲᠠ ᠲᠠᠯᠪᠢᠨ᠎ᠠ︔ ᠰᠢᠳᠭᠡᠬᠦ ᠲᠣᠭᠲᠠᠭᠠᠯ ᠭᠠᠷᠭᠠᠬᠤ ᠠᠴᠠ ᠡᠮᠦᠨ᠎ᠡ ᠠᠵᠤ ᠠᠬᠤᠶᠢᠯᠠᠯ ᠤᠨ ᠰᠠᠨᠠᠯ ᠢ ᠬᠠᠤᠯᠢ ᠶᠣᠰᠣᠭᠠᠷ ᠭᠦᠢᠴᠡᠳ ᠰᠣᠨᠣᠰᠤᠭᠰᠠᠨ ᠦᠭᠡᠢ᠂ ᠡᠰᠡᠬᠦᠯ᠎ᠡ ᠠᠵᠤ ᠠᠬᠤᠶᠢᠯᠠᠯ ᠳᠤ ᠭᠡᠷᠡᠴᠢᠯᠡᠭᠡ ᠰᠣᠨᠣᠰᠬᠤ ᠪᠠᠷ ᠱᠠᠭᠠᠷᠳᠠᠬᠤ ᠡᠷᠬᠡ ᠪᠠᠶᠢᠬᠤ ᠡᠰᠡᠬᠦ︔ ᠬᠡᠷᠡᠭ ᠰᠢᠢᠳᠪᠦᠷᠢᠯᠡᠬᠦ ᠬᠤᠭᠤᠴᠠᠭ᠎ᠠ ᠨᠢ 90 ᠡᠳᠦᠷ ᠠᠴᠠ ᠬᠡᠲᠦᠷᠡᠭᠰᠡᠨ ᠪᠠᠶᠢᠲᠠᠯ᠎ᠠ ᠬᠤᠶᠢᠰᠢᠯᠠᠭᠤᠯᠬᠤ ᠪᠠᠷ ᠭᠤᠶᠤᠴᠢᠯᠠᠭᠰᠠᠨ ᠭᠠᠷ ᠭᠦᠢᠴᠡᠳᠬᠡᠯ ᠣᠷᠣᠰᠢᠵᠤ ᠪᠠᠶᠢᠬᠤ ᠡᠰᠡᠬᠦ︔ ᠬᠦᠷᠭᠡᠬᠦ ᠵᠢᠷᠤᠮ ᠨᠢ ᠵᠢᠷᠤᠮᠵᠢᠯ ᠦᠭᠡᠢ ᠪᠠᠶᠢᠬᠤ ᠡᠰᠡᠬᠦ︔ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠭᠠᠷᠭᠠᠭᠰᠠᠨ ᠦᠭᠡᠢ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠢ ᠴᠠᠭ ᠲᠤᠬᠠᠢ ᠳᠤᠨᠢ ᠰᠢᠢᠳᠪᠦᠷᠢᠯᠡᠭᠰᠡᠨ ᠦᠭᠡᠢ ᠪᠠ ᠬᠠᠷᠢᠭᠤ ᠲᠤᠰᠬᠠᠭᠰᠠᠨ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃      9. ᠬᠠᠤᠯᠢ ᠶᠢ ᠬᠡᠲᠦᠷᠡᠲᠡᠯ᠎ᠡ ᠬᠡᠷᠡᠭᠵᠢᠭᠦᠯᠬᠦ᠂ ᠪᠦᠳᠦᠭᠦᠯᠢᠭ ᠢᠶᠠᠷ ᠬᠠᠤᠯᠢ ᠬᠡᠷᠡᠭᠵᠢᠭᠦᠯᠬᠦ᠃ ᠭᠤᠤᠯᠳᠠᠭᠤ ᠠᠵᠤ ᠠᠬᠤᠶᠢᠯᠠᠯ ᠳᠤ ᠬᠦᠨᠳᠦ ᠶᠡᠭᠡ ᠰᠢᠢᠳᠬᠡᠯ ᠥᠭᠬᠦ ᠲᠣᠭᠲᠠᠭᠠᠯ ᠭᠠᠷᠭᠠᠬᠤ ᠠᠴᠠ ᠡᠮᠦᠨ᠎ᠡ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠴᠢᠩᠳᠠᠯᠠᠭᠰᠠᠨ ᠦᠭᠡᠢ᠂ ᠴᠢᠬᠤᠯᠠ ᠪᠦᠬᠦᠢ ᠳᠣᠲᠣᠭᠠᠳᠤ ᠶᠢᠨ ᠬᠢᠨᠠᠨ ᠬᠠᠷᠭᠤᠭᠤᠯᠬᠤ ᠪᠠ ᠬᠢᠨᠠᠯᠲᠠ ᠲᠠᠯᠪᠢᠬᠤ ᠲᠣᠭᠲᠠᠴᠠ ᠳᠤᠲᠠᠮᠠᠭ᠂ ᠵᠦᠶ ᠵᠣᠬᠢᠰᠲᠠᠶ ᠪᠣᠳᠠᠲᠤ ᠬᠡᠷᠡᠭ ᠤᠨ ᠭᠡᠷᠡᠴᠢ ᠪᠠᠷᠢᠮᠲᠠ ᠦᠭᠡᠢ᠂ ᠰᠢᠭᠤᠳ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠣᠰᠣᠭᠠᠷ ᠰᠢᠢᠳᠬᠡᠨ ᠲᠣᠷᠭᠠᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃      10. ᠠᠵᠤ ᠠᠬᠤᠶᠢᠯᠠᠯ ᠤᠨ ᠰᠢᠨᠵᠢ ᠲᠠᠢ ᠪᠠᠶᠢᠳᠠᠯ ᠳᠤ ᠴᠢᠭᠯᠡᠭᠦᠯᠦᠨ ᠬᠠᠤᠯᠢ ᠬᠡᠷᠡᠭᠵᠢᠭᠦᠯᠬᠦ᠂ ᠰᠣᠩᠭᠤᠯᠲᠠ ᠶᠢᠨ ᠴᠢᠨᠠᠷᠲᠠᠢ ᠪᠠᠷ ᠬᠠᠤᠯᠢ ᠬᠡᠷᠡᠭᠵᠢᠭᠦᠯᠬᠦ᠂ ᠲᠣᠭᠲᠠᠭᠠᠯ ᠠᠴᠠ ᠵᠥᠷᠢᠴᠡᠨ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠳᠤ ᠴᠢᠭᠯᠡᠭᠦᠯᠦᠨ᠎ᠡ᠃ ᠭᠤᠣᠯᠳᠠᠭᠤ ᠲᠣᠷᠭᠠᠵᠤ ᠬᠤᠷᠢᠶᠠᠮᠵᠢᠯᠠᠭᠰᠠᠨ ᠵᠣᠭᠤᠰ ᠤᠨ ᠭᠦᠢᠴᠡᠳᠬᠡᠯ ᠲᠤᠭ᠎ᠠ ᠶᠢ ᠪᠠᠭᠤᠯᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠠᠭᠤᠯᠭᠠᠬᠤ᠂ ᠲᠣᠷᠭᠠᠬᠤ ᠪᠠᠷ ᠬᠠᠮᠢᠶᠠᠷᠬᠤ ᠶᠢ ᠣᠷᠣᠯᠠᠭᠤᠯᠬᠤ᠂ ᠳᠠᠪᠬᠤᠷᠳᠠᠭᠤᠯᠤᠨ ᠵᠣᠭᠤᠰ ᠢᠶᠠᠷ ᠲᠣᠷᠭᠠᠨ᠎ᠠ︔ ᠠᠳᠠᠯᠢ ᠪᠤᠰᠤ ᠠᠵᠤ ᠠᠬᠤᠶᠢᠯᠠᠯ ᠳᠤ ᠢᠯᠭᠠᠭ᠎ᠠ ᠲᠠᠢ ᠬᠠᠨᠳᠤᠵᠤ ᠪᠠᠶᠢᠬᠤ ᠡᠰᠡᠬᠦ︔ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠭᠠᠵᠠᠷ ᠣᠷᠣᠨ ᠤ ᠬᠠᠷᠢᠶᠠᠯᠠᠯ ᠤᠨ ᠵᠠᠷᠴᠢᠮ ᠢ ᠵᠥᠷᠢᠴᠡᠭᠰᠡᠨ ᠡᠰᠡᠬᠦ︔ ᠬᠠᠷᠢᠶᠠᠯᠠᠯ ᠤᠨ ᠡᠷᠬᠡ ᠶᠢ ᠲᠣᠳᠣᠷᠬᠠᠶᠢᠯᠠᠭᠰᠠᠨ ᠦᠭᠡᠢ ᠪᠠᠶᠢᠳᠠᠯ ᠳᠣᠤᠷ᠎ᠠ ᠣᠨᠳᠣᠤ ᠭᠠᠵᠠᠷ ᠲᠤ ᠬᠠᠤᠯᠢ ᠬᠡᠷᠡᠭᠵᠢᠭᠦᠯᠬᠦ᠂ ᠳᠤᠷ᠎ᠠ ᠪᠠᠷ ᠢᠶᠠᠨ ᠬᠠᠷᠢᠶᠠᠯᠠᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠳᠤ ᠬᠢᠨᠠᠯᠲᠠ ᠲᠠᠯᠪᠢᠨ᠎ᠠ᠃      ︵ᠭᠤᠷᠪᠠ︶ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠲᠠᠯ᠎ᠠ      11. ᠡᠳ᠋ ᠬᠥᠷᠥᠩᠭᠡ ᠶᠢᠨ ᠴᠢᠨᠠᠷᠲᠠᠢ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠳᠤᠷ᠎ᠠ ᠪᠠᠷ ᠢᠶᠠᠨ ᠬᠡᠷᠡᠭᠯᠡᠬᠦ ᠡᠷᠬᠡ ᠶᠢᠨ ᠬᠢᠵᠠᠭᠠᠷ ᠠᠴᠠ ᠳᠠᠪᠠᠭᠰᠠᠨ᠂ ᠬᠡᠪᠴᠢᠶ᠎ᠡ ᠠᠴᠠ ᠳᠠᠪᠠᠭᠰᠠᠨ᠂ ᠲᠤᠭ᠎ᠠ ᠬᠡᠮᠵᠢᠶ᠎ᠡ ᠠᠴᠠ ᠬᠡᠲᠦᠷᠡᠭᠰᠡᠨ᠂ ᠴᠠᠭ ᠬᠤᠭᠤᠴᠠᠭ᠎ᠠ ᠬᠢᠵᠠᠭᠠᠷᠯᠠᠨ ᠪᠠᠶᠢᠴᠠᠭᠠᠨ ᠪᠢᠲᠡᠭᠦᠮᠵᠢᠯᠡᠵᠦ᠂ ᠳᠠᠷᠤᠵᠤ ᠠᠪᠴᠤ᠂ ᠦᠯᠦ ᠬᠦᠳᠡᠯᠭᠡᠯᠭᠡᠨ᠎ᠡ᠃ ᠭᠤᠤᠯᠳᠠᠭᠤ ᠠᠵᠤ ᠠᠬᠤᠶᠢᠯᠠᠯ ᠤᠨ ᠡᠳ᠋ ᠬᠥᠷᠥᠩᠭᠡ ᠳᠤ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ ᠵᠡᠷᠭᠡ ᠠᠯᠪᠠᠳᠠᠯᠭ᠎ᠠ ᠶᠢᠨ ᠠᠷᠭ᠎ᠠ ᠪᠠᠷᠢᠯ ᠠᠪᠤᠭᠰᠠᠨ ᠪᠣᠳᠠᠲᠤ ᠬᠡᠷᠡᠭ ᠤᠨ ᠭᠡᠷᠡᠴᠢ ᠪᠠᠷᠢᠮᠲᠠ ᠨᠢ ᠪᠦᠷᠢᠨ ᠪᠤᠰᠤ᠂ ᠬᠠᠤᠯᠢ ᠪᠠᠷ ᠲᠣᠭᠲᠠᠭᠠᠭᠰᠠᠨ ᠪᠠᠶᠢᠳᠠᠯ ᠳᠤ ᠬᠦᠷᠦᠭᠰᠡᠨ ᠡᠰᠡᠬᠦ︔ ᠵᠠᠰᠠᠭ ᠵᠠᠬᠢᠷᠭᠠᠨ ᠤ ᠠᠯᠪᠠᠳᠠᠯᠭ᠎ᠠ ᠶᠢ ᠬᠡᠷᠡᠭᠵᠢᠭᠦᠯᠬᠦ ᠶᠠᠪᠤᠴᠠ ᠳᠤ ᠲᠣᠭᠲᠠᠭᠠᠯ ᠶᠣᠰᠣᠭᠠᠷ ᠨᠠᠷᠢᠨ ᠲᠣᠳᠣᠷᠬᠠᠶ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠤᠭᠰᠠᠨ ᠲᠣᠳᠣᠷᠬᠠᠶ ᠬᠠᠭᠤᠳᠠᠰᠤ ᠵᠣᠬᠢᠶᠠᠭᠰᠠᠨ ᠦᠭᠡᠢ ᠡᠰᠡᠬᠦ᠂ ᠵᠠᠰᠠᠭ ᠵᠠᠬᠢᠷᠭᠠᠨ ᠤ ᠠᠯᠪᠠᠳᠠᠯᠭ᠎ᠠ ᠶᠢ ᠬᠦᠴᠦᠨ ᠦᠭᠡᠢ ᠪᠣᠯᠭᠠᠬᠤ ᠦᠶ᠎ᠡ ᠳᠤ ᠬᠠᠮᠢᠶ᠎ᠠ ᠪᠦᠬᠦᠢ ᠭᠠᠷᠳᠠᠮ ᠢ ᠬᠠᠤᠯᠢ ᠶᠣᠰᠣᠭᠠᠷ ᠴᠠᠭ ᠲᠤᠬᠠᠶ ᠳᠤᠨᠢ ᠭᠦᠢᠴᠡᠳᠬᠡᠭᠰᠡᠨ ᠦᠭᠡᠢ︔ ᠦᠯᠡᠳᠡᠭᠡᠨ ᠠᠪᠤᠭᠰᠠᠨ ᠠᠵᠤ ᠠᠬᠤᠶᠢᠯᠠᠯ ᠤᠨ ᠦᠢᠯᠡᠳᠬᠦᠨ᠂ ᠲᠥᠬᠦᠭᠡᠷᠦᠮᠵᠢ ᠵᠡᠷᠭᠡ ᠡᠳ᠋ ᠪᠣᠳᠠᠰ ᠢ ᠲᠣᠬᠢᠲᠠᠶ ᠬᠠᠳᠠᠭᠠᠯᠠᠭᠰᠠᠨ ᠦᠭᠡᠢ᠂ ᠡᠳ᠋ ᠪᠣᠳᠠᠰ ᠢ ᠡᠪᠳᠡᠬᠦ᠂ ᠭᠡᠭᠡᠭᠰᠡᠨ ᠵᠡᠷᠭᠡ ᠠᠰᠠᠭᠤᠳᠠᠯ ᠭᠠᠷᠤᠭᠰᠠᠨ ᠡᠰᠡᠬᠦ ᠳᠤ ᠬᠢᠨᠠᠯᠲᠠ ᠲᠠᠯᠪᠢᠨ᠎ᠠ᠃      ︵ᠲᠦᠷᠪᠡ︶ ᠠᠵᠤ ᠠᠬᠤᠶᠢᠯᠠᠯ ᠳᠤ ᠬᠤᠯᠪᠣᠭᠳᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠠᠯ᠎ᠠ ᠪᠠᠷ      12. ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠳᠠᠭᠠᠨ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠥᠷᠨᠢᠭᠦᠯᠦᠭᠡᠳᠦᠶ ᠪᠠᠶᠢᠵᠤ᠂ ᠠᠳᠠᠯᠢ ᠪᠤᠰᠤ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠭᠠᠳᠠᠭᠤᠷᠴᠢᠯᠠᠭᠰᠠᠨ ᠴᠢᠨᠠᠷᠲᠠᠶ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠵᠦᠶ ᠵᠣᠬᠢᠰ ᠥᠬᠡᠶ ᠪᠠᠷ ᠬᠢᠵᠠᠭᠠᠷᠯᠠᠬᠤ᠂ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ ᠢᠶᠠᠨ ᠬᠡᠷᠡᠭᠯᠡᠨ ᠴᠢᠯᠥᠭᠡᠲᠡᠶ ᠥᠷᠢᠰᠥᠯᠳᠦᠬᠦ ᠶᠢ ᠬᠢᠵᠠᠭᠠᠷᠯᠠᠬᠤ ᠵᠡᠷᠭᠡ ᠠᠰᠠᠭᠤᠳᠠᠯ ᠳᠤ ᠭᠠᠳᠠᠭᠤᠷᠴᠢᠯᠠᠬᠤ ᠴᠢᠨᠠᠷᠲᠠᠶ ᠪᠠᠷ ᠬᠠᠨᠳᠤᠨ᠎ᠠ᠃      13. ᠵᠠᠬ᠎ᠠ ᠳᠡᠯᠭᠡᠭᠦᠷ ᠤᠨ ᠭᠤᠤᠯ ᠴᠣᠭᠴᠠ ᠶᠢ ᠠᠯᠪᠠᠳᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠠᠯᠪᠠᠳᠠᠵᠤ ᠪᠠᠶᠢᠭᠠᠳ ᠠᠳᠠᠯᠢᠳᠬᠠᠨ ᠰᠢᠯᠭᠠᠷᠠᠭᠤᠯᠬᠤ᠂ ᠬᠥᠬᠢᠭᠦᠯᠦᠨ ᠰᠠᠶᠢᠰᠢᠶᠠᠬᠤ᠂ ᠰᠢᠯᠭᠠᠨ ᠬᠢᠨᠠᠬᠤ ᠳᠤ ᠣᠷᠣᠯᠴᠠᠭᠤᠯᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ᠃      14. ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ᠂ ︽ᠲᠦᠷᠪᠡᠨ ᠰᠢᠨ᠎ᠡ︾ ᠠᠵᠤ ᠠᠬᠤᠶ ᠳᠤ ᠳᠥᠭᠦᠮᠴᠢᠯᠡᠨ ᠴᠠᠭᠠᠵᠠᠯᠠᠬᠤ ᠶᠢ ᠬᠡᠷᠡᠭᠵᠢᠭᠦᠯᠵᠦ᠂ ᠪᠠᠭᠲᠠᠭᠠᠮᠵᠢᠲᠠᠶ ᠯᠠᠪᠳᠠᠭᠤᠨ ᠬᠢᠨᠠᠯᠲᠠ  ᠬᠠᠮᠢᠶᠠᠷᠤᠯᠲᠠ  ᠬᠡᠷᠡᠭᠵᠢᠭᠦᠯᠬᠦ  ᠶᠢ  ᠬᠠᠷᠰᠢᠯᠠᠬᠤ ᠵᠡᠷᠭᠡ  ᠠᠰᠠᠭᠤᠳᠠᠯ  ᠣᠷᠣᠰᠢᠵᠤ  ᠪᠠᠶᠢᠬᠤ ᠡᠰᠡᠬᠦ᠃      15. ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠣᠷᠣᠰᠢᠵᠤ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠬᠠᠤᠯᠢ ᠠᠴᠠ ᠵᠥᠷᠢᠴᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠷᠬᠡ ᠪᠠᠶᠢᠭᠤᠯᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ᠃      16. ᠲᠤᠰᠬᠠᠶ ᠵᠦᠶ᠋ᠯ ᠢᠶᠠᠷ ᠴᠡᠭᠴᠡᠯᠡᠨ ᠵᠠᠰᠠᠬᠤ᠂ ᠢᠯᠭᠠᠷᠠᠭᠤᠯᠤᠨ ᠴᠡᠭᠴᠡᠯᠡᠬᠦ ᠵᠡᠷᠭᠡ ᠠᠵᠢᠯᠯᠠᠭ᠎ᠠ ᠥᠷᠨᠢᠭᠦᠯᠬᠦ ᠳᠤᠮᠳᠠ ᠨᠡᠶᠢᠳᠡᠮ ᠦᠶ᠋ᠯᠡᠳᠪᠦᠷᠢᠯᠡᠯ ᠂ ᠠᠵᠢᠯ ᠢ ᠨᠢ ᠵᠣᠭᠰᠣᠭᠠᠬᠤ ᠠᠷᠭ᠎ᠠ ᠬᠡᠮᠵᠢᠶ᠎ᠡ ᠠᠪᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ᠃      ᠬᠤᠶᠠᠷ᠂ ᠰᠦᠪᠡᠭᠴᠢ ᠶᠢ ᠬᠦᠯᠢᠶᠡᠨ ᠠᠪᠬᠤ ᠴᠠᠭ ᠬᠤᠭᠤᠴᠠᠭ᠎ᠠ      ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠭᠤᠷᠪᠠ᠂ ᠰᠦᠪᠡᠭᠴᠢ ᠶᠢ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ      ᠨᠡᠶᠢᠭᠡᠮ ᠤᠨ ᠡᠯ᠎ᠡ ᠡᠲᠡᠭᠡᠳ ᠤᠨ ᠬᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠳᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠳᠡᠭᠡᠷᠡᠬᠢ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠦᠨᠡᠨ ᠬᠦ ᠭᠡᠷᠡᠴᠢ ᠪᠠᠷᠢᠮᠲᠠ ᠪᠠᠷ ᠭᠡᠷᠡᠴᠢᠯᠡᠭᠳᠡᠭᠰᠡᠨ ᠪᠠᠶᠢᠪᠠᠯ᠂ ᠪᠢᠳᠡᠨ ᠳᠤ ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠬᠠᠩᠭᠠᠭᠠᠷᠠᠢ ᠭᠡᠵᠡᠢ᠃      1. ᠬᠤᠷᠢᠶᠠᠨ ᠠᠪᠬᠤ ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠪᠠᠶᠠᠨᠤᠰᠤ ᠪᠠᠷᠠᠭᠤᠨ ᠵᠡᠭᠡᠯᠢ ᠶᠢᠨ 31 ᠳ᠋ᠦ᠋ᠭᠡᠷ ᠲᠣᠭᠠᠲᠤ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ 409 ᠠᠯᠪᠠᠨ ᠬᠡᠷ᠂ ᠰᠢᠤᠳᠠᠨ ᠤ ᠨᠣᠮᠧᠷ᠄ 016000 ᠵᠠᠬᠢᠳᠠᠯ ᠬᠤᠷᠢᠶᠠᠭᠴᠢ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠲᠠᠰᠤᠭ      2. ᠬᠢᠨᠠᠯᠲᠠ ᠲᠠᠯᠪᠢᠬᠤ ᠤᠲᠠᠰᠤ᠄ 0473-4101007 ︵ᠠᠵᠢᠯ ᠤᠨ ᠡᠳᠦᠷ ᠤᠨ ᠦᠳᠡ ᠶᠢᠨ ᠡᠮᠦᠨ᠎ᠡ 9᠄ 00-12᠄ 00᠂ ᠦᠳᠡ ᠶᠢᠨ ᠬᠤᠶᠢᠨ᠎ᠠ 2᠄ 30 - 5᠄ 30︶       3. ᠬᠢᠨᠠᠯᠲᠠ ᠲᠠᠯᠪᠢᠬᠤ ᠰᠢᠤᠳᠠᠨ ᠬᠠᠶᠢᠷᠴᠠᠭ᠄ hnqzd@163.com      ᠳᠥᠷᠪᠡ᠂ ᠠᠩᠬᠠᠷᠬᠤ ᠵᠦᠢᠯ      ︵ᠨᠢᠭᠡ︶ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠨᠢ ᠭᠤᠣᠯᠳᠠᠭᠤ ᠬᠢᠨᠠᠯᠲᠠ ᠲᠠᠯᠪᠢᠬᠤ ᠭᠤᠣᠯᠳᠠᠯᠭ᠎ᠠ ᠳᠤ ᠲᠣᠳᠣᠷᠬᠠᠶᠢᠯᠠᠭᠰᠠᠨ ︽31 ᠪᠠᠶᠢᠬᠤ ᠡᠰᠡᠬᠦ︾ ᠳᠤ ᠬᠤᠯᠪᠣᠭᠳᠠᠭᠰᠠᠨ ᠬᠠᠮᠢᠶ᠎ᠠ ᠪᠦᠬᠦᠢ ᠰᠦᠪᠡᠭᠴᠢ ᠪᠣᠯᠤᠨ᠎ᠠ᠃ ᠳᠣᠤᠷᠠᠬᠢ ᠠᠭᠤᠯᠭ᠎ᠠ ᠶᠢ ᠬᠦᠯᠢᠶᠡᠨ ᠠᠪᠴᠤ ᠰᠢᠶ᠋ᠳᠪᠦᠷᠢᠯᠡᠬᠦ ᠦᠭᠡᠶ᠄ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠠᠬᠢᠳᠠᠯ ᠰᠤᠷᠪᠤᠯᠵᠢᠯᠠᠯ ᠤᠨ ᠪᠠᠶᠢᠭᠤᠯᠤᠯᠭ᠎ᠠ ᠨᠢᠭᠡᠨᠲᠡ ᠬᠦᠯᠢᠶᠡᠨ ᠠᠪᠴᠤ ᠰᠢᠶ᠋ᠳᠪᠦᠷᠢᠯᠡᠭᠰᠡᠨ ᠬᠡᠷᠡᠭ᠃ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ᠂ ᠬᠠᠤᠯᠢ ᠴᠠᠭᠠᠵᠠ ᠶᠢᠨ ᠪᠠᠶᠢᠭᠤᠯᠤᠯᠭ᠎ᠠ ᠨᠢᠭᠡᠨᠲᠡ ᠬᠡᠷᠡᠭ ᠪᠣᠯᠭᠠᠨ ᠳᠠᠩᠰᠠᠯᠠᠭᠰᠠᠨ ᠬᠡᠷᠡᠭ︔ ᠠᠷᠠᠳ ᠤᠨ ᠰᠢᠭᠦᠬᠦ ᠬᠤᠷᠢᠶ᠎ᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯᠭ᠎ᠠ ᠨᠢᠭᠡᠨᠲᠡ ᠲᠠᠰᠤᠯᠤᠯᠲᠠ ᠬᠢᠭᠰᠡᠨ ᠪᠤᠶᠤ ᠳᠠᠬᠢᠨ ᠵᠥᠪᠯᠡᠭᠰᠡᠨ ᠬᠡᠷᠡᠭ᠃ ᠵᠠᠰᠠᠭ ᠵᠠᠬᠢᠷᠭᠠᠨ ᠤ ᠡᠶᠡᠳᠡᠭᠦᠯᠭᠡ ᠪᠠᠷ ᠳᠠᠮᠵᠢᠨ ᠬᠡᠷᠡᠭ ᠢ ᠳᠠᠭᠤᠰᠬᠠᠵᠤ᠂ ᠬᠤᠶᠠᠷ ᠲᠠᠯ᠎ᠠ ᠶᠢᠨ ᠲᠤᠬᠠᠶᠢᠲᠠᠶ ᠬᠥᠮᠦᠨ ᠴᠥᠮ ᠣᠨᠳᠣᠤ ᠰᠠᠨᠠᠯ ᠦᠭᠡᠶ ᠬᠡᠷᠡᠭ᠃      ︵ᠬᠤᠶᠠᠷ︶ ᠰᠦᠪᠡᠭᠴᠢ ᠶᠢ ᠲᠤᠰᠬᠠᠬᠤ ᠦᠶ᠎ᠡ ᠳᠤ ᠬᠥᠮᠦᠨ ᠤ ᠪᠦᠲᠦᠮᠵᠢᠲᠡᠶ ᠬᠠᠷᠢᠯᠴᠠᠬᠤ ᠠᠷᠭ᠎ᠠ ᠮᠠᠶ᠋ᠢᠭ ᠢ ᠲᠣᠳᠣᠷᠬᠠᠶᠢᠯᠠᠵᠤ᠂ ᠴᠠᠭ ᠲᠤᠬᠠᠶ ᠳᠤᠨᠢ ᠨᠡᠪᠲᠡᠷᠡᠯᠴᠡᠨ ᠬᠠᠷᠢᠯᠴᠠᠬᠤ ᠳᠤ ᠲᠥᠬᠦᠮ ᠪᠣᠯᠭᠠᠪᠠᠯ ᠵᠤᠬᠢᠨ᠎ᠠ᠂ ᠪᠢᠳᠡ ᠬᠥᠮᠦᠰ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃      ︵ᠭᠤᠷᠪᠠ︶ ᠲᠤᠰᠬᠠᠭᠰᠠᠨ ᠬᠥᠮᠦᠨ ᠨᠢ ᠠᠰᠠᠭᠤᠳᠠᠯ ᠢ ᠪᠤᠰᠤᠳᠴᠢ ᠪᠥᠭᠡᠳ ᠣᠨᠣᠪᠴᠢᠲᠠᠶ ᠲᠤᠰᠬᠠᠬᠤ ᠬᠡᠷᠡᠭᠲᠡᠶ᠂ ᠠᠰᠠᠭᠤᠳᠠᠯ ᠤᠨ ᠰᠦᠪᠡᠭᠴᠢ ᠶᠢ ᠬᠠᠭᠤᠷᠮᠠᠭ ᠢᠶᠠᠷ ᠵᠣᠬᠢᠶᠠᠬᠤ ᠪᠠ ᠪᠣᠳᠠᠲᠤ ᠶᠠᠪᠤᠳᠠᠯ ᠢ ᠶᠡᠬᠡᠰᠬᠡᠵᠦ ᠪᠣᠯᠬᠤ ᠦᠭᠡᠢ᠂ ᠮᠠᠭᠤ ᠰᠠᠨᠠᠭ᠎ᠠ ᠲᠠᠢ ᠪᠠᠷ ᠲᠤᠰᠬᠠᠵᠤ ᠪᠣᠯᠬᠤ ᠦᠭᠡᠢ᠃                        ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ                                                 2025 ᠣᠨ ᠤ 4 ᠰᠠᠷ᠎ᠠ ᠶᠢᠨ 3 ᠤ ᠡᠳᠦᠷ
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号