ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠬᠤᠯᠪᠣᠭᠳᠠᠯ ᠪᠦᠬᠦᠢ ᠨᠢᠭᠡᠴᠡ ᠳᠤ᠄ | ︽ᠬᠠᠶᠢᠨᠠᠨ ᠲᠣᠭᠤᠷᠢᠭ ᠤᠨ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠨᠢᠭᠡᠨᠲᠡ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2025 ᠣᠨ ᠤ 3 ᠰᠠᠷ᠎ᠠ ᠶᠢᠨ 27 ᠤ ᠡᠳᠦᠷ | ᠬᠠᠶᠢᠨᠠᠨ ᠲᠤᠭᠤᠷᠢᠭ ᠤᠨ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠮᠠᠨ ᠤ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠳᠦᠷᠢᠮ ᠤᠨ | ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ | ᠬᠠᠮᠢᠶᠠᠷᠤᠯᠲᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠡᠬᠢ | ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ︽ᠪᠠᠲᠤᠯᠠᠭ᠎ᠠ ᠶᠢᠨ ᠴᠢᠨᠠᠷᠲᠠᠶ | ᠣᠷᠣᠨ ᠰᠠᠭᠤᠴᠠ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ [2020]14 ᠳ᠋ᠦᠭᠡᠷ ᠲᠣᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠪᠦᠬᠦ ᠲᠣᠭᠤᠷᠢᠭ ᠤᠨ ᠬᠡᠪᠴᠢᠶᠡᠨ ᠳᠣᠲᠣᠷᠠᠬᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠬᠤᠷᠠᠮᠳᠤᠭᠤᠯᠬᠤ᠂ | ᠬᠤᠪᠢᠶᠠᠷᠢᠯᠠᠬᠤ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠳᠤ ᠲᠤᠰ ᠠᠷᠭ᠎ᠠ ᠲᠣᠬᠢᠷᠠᠨ᠎ᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠲᠦᠭᠡᠭᠡᠨ ᠬᠤᠳᠠᠯᠳᠤᠬᠤ ᠬᠡᠯᠪᠡᠷᠢ ᠶᠢᠨ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ︵ᠳᠣᠷᠣᠭᠰᠢ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ | ᠰᠠᠭᠤᠴᠠ ᠭᠡᠵᠦ ᠲᠣᠪᠴᠢᠯᠠᠨ᠎ᠠ︶ ᠭᠡᠳᠡᠭ ᠨᠢ ᠵᠠᠰᠠᠭ ᠤᠨ ᠣᠷᠳᠣᠨ ᠠᠴᠠ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠬᠠᠩᠭᠠᠵᠤ᠂ ᠭᠤᠤᠯᠳᠠᠭᠤ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠮᠠᠶᠢᠭ ᠢ ᠬᠡᠷᠡᠭᠯᠡᠨ | ᠬᠤᠳᠠᠯᠳᠤᠨ ᠠᠪᠴᠤ᠂ ᠢᠵᠢ ᠬᠡᠯᠪᠡᠷᠢ᠂ ᠲᠠᠯᠠᠪᠠᠶ᠂ ᠪᠣᠷᠣᠯᠠᠭᠤᠯᠤᠨ ᠬᠤᠳᠠᠯᠳᠤᠬᠤ ᠦᠨ᠎ᠡ ᠬᠠᠩᠰᠢ ᠶᠢ ᠬᠢᠵᠠᠭᠠᠷᠯᠠᠨ | ᠲᠣᠭᠲᠠᠭᠠᠵᠤ᠂ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠶ ᠣᠷᠣᠨ ᠰᠠᠭᠤᠴᠠ ᠪᠠᠷ ᠬᠦᠴᠢᠷᠳᠡᠯᠲᠡᠶ ᠭᠡᠷ | ᠪᠦᠯᠢ ᠶᠢᠨ ᠨᠡᠶᠢᠲᠡ ᠴᠣᠭᠴᠠ ᠳᠤ ᠬᠠᠨᠳᠤᠭᠤᠯᠤᠭᠰᠠᠨ ᠪᠥᠭᠡᠳ ᠪᠢᠲᠡᠭᠦᠮᠵᠢᠯᠡᠨ ᠬᠠᠮᠢᠶᠠᠷᠴᠤ ᠪᠠᠶᠢᠭ᠎ᠠ ᠲᠥᠷᠥ ᠶᠢᠨ | ᠪᠣᠳᠣᠯᠭ᠎ᠠ ᠶᠢᠨ ᠴᠢᠨᠠᠷᠲᠠᠶ ᠣᠷᠣᠨ ᠰᠠᠭᠤᠴᠠ ᠶᠢ ᠵᠢᠭᠠᠵᠤ ᠪᠤᠶ᠃ | ᠭᠤᠷᠪᠠᠳᠤᠭᠠᠷ ᠵᠦᠢᠯ ᠲᠣᠬᠢᠷᠠᠭᠤᠯᠤᠨ ᠪᠣᠷᠣᠯᠠᠭᠤᠯᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢ ᠬᠡᠷᠡᠭᠵᠢᠭᠦᠯᠬᠦ ᠳᠤ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠪᠠᠶᠢᠭᠤᠯᠬᠤ ᠬᠡᠷᠡᠭᠴᠡᠭᠡ ᠪᠠᠷ | ᠪᠠᠶᠢᠭᠤᠯᠬᠤ ︵ᠬᠤᠳᠠᠯᠳᠤᠨ ᠠᠪᠬᠤ︶᠂ ᠵᠦᠢ ᠵᠣᠬᠢᠰᠲᠠᠶ ᠪᠠᠶᠢᠷᠢᠯᠠᠭᠤᠯᠬᠤ ᠪᠠ ᠯᠠᠪᠳᠠᠭᠤᠨ ᠪᠣᠯᠭᠤᠮᠵᠢᠲᠠᠶ | ᠠᠬᠢᠭᠤᠯᠬᠤ ᠵᠠᠷᠴᠢᠮ ᠢ ᠵᠢᠷᠤᠮᠯᠠᠬᠤ ᠬᠡᠷᠡᠭᠲᠡᠶ᠃ | ᠳᠥᠷᠪᠡᠳᠦᠭᠡᠷ ᠵᠦᠢᠯ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠬᠤᠪᠢᠶᠠᠷᠢᠯᠠᠬᠤ᠂ ᠡᠵᠡᠩᠨᠡᠬᠦ᠂ | ᠬᠡᠷᠡᠭᠯᠡᠬᠦ᠂ ᠪᠤᠴᠠᠭᠠᠵᠤ ᠭᠠᠷᠭᠠᠬᠤ ᠪᠠ ᠬᠠᠮᠢᠶᠠᠷᠬᠤ ᠳᠤ ᠲᠤᠰ ᠠᠷᠭ᠎ᠠ ᠲᠣᠬᠢᠷᠠᠨ᠎ᠠ᠃ | ᠲᠠᠪᠤᠳᠤᠭᠠᠷ ᠵᠣᠷᠪᠤᠰ᠂ ᠲᠤᠭᠤᠷᠢᠭ ᠤᠨ ᠵᠠᠰᠠᠭ ᠤᠨ ᠣᠷᠳᠣᠨ ᠪᠥᠬᠦ ᠲᠤᠭᠤᠷᠢᠭ ᠤᠨ ᠲᠤᠬᠢᠷᠠᠭᠤᠯᠤᠨ | ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢᠨ ᠠᠵᠢᠯ ᠢ ᠨᠢᠭᠡᠳᠦᠯᠲᠡᠶ ᠲᠥᠯᠥᠪᠯᠡᠨ᠂ ᠪᠥᠬᠦ ᠲᠤᠭᠤᠷᠢᠭ ᠤᠨ | ᠲᠤᠬᠢᠷᠠᠭᠤᠯᠤᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠳᠤ ᠬᠤᠯᠪᠣᠭᠳᠠᠬᠤ ᠴᠢᠬᠤᠯᠠ ᠶᠡᠭᠡ ᠵᠦᠢᠯᠡᠰ ᠲᠤ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠪᠣᠯ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠴᠤᠭᠯᠠᠭᠤᠯᠬᠤ ︵ᠪᠥᠲᠥᠭᠡᠨ ᠪᠠᠶᠢᠭᠤᠯᠬᠤ︶ | ᠬᠠᠮᠢᠶᠠᠷᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠮᠥᠨ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ᠂ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢ | ᠬᠠᠷᠢᠭᠤᠴᠠᠵᠤ᠂ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢᠨ ᠲᠥᠯᠥᠪᠯᠡᠭᠡ ᠶᠢ ᠪᠠᠭᠤᠯᠭᠠᠬᠤ᠂ | ᠣᠷᠣᠨ ᠰᠠᠭᠤᠴᠠ ᠶᠢ ᠬᠠᠷᠭᠤᠭᠤᠯᠤᠨ ᠪᠠᠶᠢᠴᠠᠭᠠᠬᠤ᠂ ᠲᠦᠭᠡᠭᠡᠨ ᠬᠤᠳᠠᠯᠳᠤᠬᠤ ᠶᠢ ᠳᠠᠩᠰᠠᠯᠠᠬᠤ᠂ ᠡᠵᠡᠩᠨᠡᠨ | ᠬᠠᠮᠢᠶᠠᠷᠬᠤ ᠵᠡᠷᠭᠡ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠲᠣᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠵᠡᠭᠡᠯᠢ ᠪᠠᠯᠭᠠᠰᠤ᠂ | ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠳᠣᠲᠣᠭᠠᠳᠤ ᠶᠢ | ᠬᠠᠮᠠᠭᠠᠯᠠᠬᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ | ᠪᠠ ᠭᠠᠶᠢᠯᠢ ᠶᠢᠨ ᠶᠠᠪᠤᠳᠠᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢᠨ ᠪᠠᠯᠠ ᠮᠥᠩᠭᠦ ᠶᠢ | ᠴᠢᠷᠮᠠᠶᠢᠨ ᠤᠯᠬᠤ ᠬᠡᠷᠡᠭᠲᠡᠶ᠃ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ᠂ ᠳᠣᠲᠣᠭᠠᠳᠤ ᠶᠢ | ᠬᠠᠮᠠᠭᠠᠯᠠᠬᠤ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ | ᠭᠠᠶᠢᠯᠢ ᠶᠢᠨ ᠶᠠᠪᠤᠳᠠᠯ ᠭᠤᠶᠤᠴᠢᠯᠠᠬᠤ ᠬᠢᠷᠢ ᠬᠡᠮ ᠢ ᠬᠢᠨᠠᠨ ᠬᠠᠷᠭᠤᠭᠤᠯᠬᠤ᠂ ᠨᠡᠶᠢᠭᠡᠮ ᠤᠨ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠭᠰᠠᠨ ᠭᠡᠷᠡᠴᠢ ᠵᠡᠷᠭᠡ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠭᠡᠷ ᠪᠠᠶᠢᠰᠢᠩ | ᠭᠠᠵᠠᠷ ᠬᠥᠷᠥᠩᠭᠡ ᠪᠠ ᠠᠳᠠᠯ ᠠᠬᠤᠶ ᠶᠢᠨ ᠦᠢᠯᠡᠴᠢᠯᠡᠭᠡᠨ ᠤ ᠲᠥᠪ ᠨᠢ ᠭᠤᠶᠤᠴᠢᠯᠠᠨ ᠬᠤᠳᠠᠯᠳᠤᠨ ᠠᠪᠤᠭᠰᠠᠨ | ᠮᠠᠲ᠋ᠧᠷᠢᠶᠠᠯ ᠢ ᠬᠢᠨᠠᠨ ᠬᠠᠷᠭᠤᠭᠤᠯᠬᠤ᠂ ᠡᠳᠦᠷ ᠲᠤᠲᠤᠮ ᠤᠨ ᠦᠢᠯᠡᠴᠢᠯᠡᠭᠡ ᠵᠡᠷᠭᠡ ᠠᠵᠢᠯ ᠢ ᠪᠣᠳᠠᠲᠠᠶ | ᠬᠠᠷᠢᠭᠤᠴᠠᠨ᠎ᠠ᠃ | ᠵᠢᠷᠭᠤᠳᠤᠭᠠᠷ ᠵᠦᠢᠯ ᠠᠷᠭ᠎ᠠ ᠳᠤ ᠬᠡᠯᠡᠵᠦ ᠪᠠᠶᠢᠭ᠎ᠠ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ | ᠴᠢᠨᠠᠷᠲᠠᠶ ᠣᠷᠣᠨ ᠰᠠᠭᠤᠴᠠ ᠭᠡᠳᠡᠭ ᠪᠣᠯ ᠣᠷᠣᠨ ᠤ ᠵᠠᠰᠠᠭ ᠤᠨ ᠣᠷᠳᠣᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ | ᠬᠠᠩᠭᠠᠵᠤ᠂ ᠢᠵᠢ ᠪᠦᠷᠢᠳᠦᠭᠦᠯᠬᠦ ᠬᠡᠯᠪᠡᠷᠢ ᠶᠢᠨ ᠲᠠᠯᠠᠪᠠᠶ ᠪᠠ ᠲᠦᠭᠡᠭᠡᠨ ᠬᠤᠳᠠᠯᠳᠤᠬᠤ ᠦᠨ᠎ᠡ ᠬᠠᠩᠰᠢ ᠶᠢ | ᠬᠢᠵᠠᠭᠠᠷᠯᠠᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠶ ᠨᠡᠶᠢᠲᠡ ᠴᠣᠭᠴᠠ ᠳᠤ ᠬᠠᠨᠳᠤᠭᠤᠯᠤᠨ | ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠶ ᠭᠡᠷ ᠪᠦᠯᠢ ᠳᠤ ᠬᠠᠨᠳᠤᠭᠤᠯᠤᠨ ᠬᠥᠳᠡᠯᠦᠩᠭᠦᠶ ᠲᠣᠬᠢᠷᠠᠭᠤᠯᠤᠯᠲᠠ | ᠬᠢᠬᠦ ᠶᠢᠨ ᠬᠠᠮᠲᠤ ᠬᠠᠩᠭᠠᠯᠭ᠎ᠠ ᠶᠢᠨ ᠴᠢᠳᠠᠪᠤᠷᠢ ᠶᠢ ᠨᠢ ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ ᠬᠢᠵᠦ᠂ | ᠬᠡᠪᠴᠢᠶ᠎ᠡ ᠶᠢ ᠨᠢ ᠠᠯᠬᠤᠮ ᠠᠯᠬᠤᠮ ᠢᠶᠠᠷ ᠮᠠᠨ ᠤ ᠲᠣᠭᠤᠷᠢᠭ ᠤᠨ ᠣᠷᠣᠨ ᠰᠠᠭᠤᠴᠠ ᠳᠤ ᠬᠦᠴᠢᠷ ᠲᠠᠢ ᠮᠥᠷᠲᠡᠭᠡᠨ | ᠣᠷᠣᠯᠭ᠎ᠠ ᠨᠢ ᠥᠨᠳᠥᠷ ᠪᠤᠰᠤ ᠴᠠᠯᠢᠩ ᠤᠨ ᠣᠷᠣᠯᠭ᠎ᠠ ᠲᠠᠢ ᠬᠠᠮᠲᠤᠯᠢᠭ ᠵᠢᠴᠢ ᠮᠠᠨ ᠤ ᠲᠣᠭᠤᠷᠢᠭ ᠤᠨ ᠬᠡᠷᠡᠭᠴᠡᠭᠡ | ᠪᠦᠬᠦᠢ ᠣᠷᠣᠭᠤᠯᠵᠤ ᠢᠷᠡᠭᠰᠡᠨ ᠴᠢᠳᠠᠪᠤᠷᠢᠲᠠᠨ ᠵᠡᠷᠭᠡ ᠬᠠᠮᠲᠤᠯᠢᠭ ᠲᠦᠭᠡᠭᠡᠨ ᠬᠤᠳᠠᠯᠳᠤᠬᠤ ᠶᠢᠨ ᠬᠠᠮᠲᠤ | ᠪᠢᠲᠡᠭᠦᠮᠵᠢᠯᠡᠨ ᠬᠠᠮᠢᠶᠠᠷᠴᠤ ᠪᠠᠶᠢᠭ᠎ᠠ ᠣᠷᠣᠨ ᠰᠠᠭᠤᠴᠠ ᠳᠤ ᠬᠦᠷᠲᠡᠯ᠎ᠡ ᠥᠷᠭᠡᠳᠬᠡᠬᠦ ᠬᠡᠷᠡᠭᠲᠡᠶ᠃ | ᠬᠤᠶᠠᠳᠤᠭᠠᠷ ᠪᠦᠯᠦᠭ ᠲᠥᠷᠥ ᠶᠢᠨ ᠪᠣᠳᠣᠯᠭ᠎ᠠ ᠶᠢᠨ ᠳᠡᠮᠵᠢᠯᠭᠡ | ᠳᠣᠯᠣᠳᠤᠭᠠᠷ ᠵᠦᠢᠯ ᠰᠢᠨ᠎ᠡ ᠪᠠᠷ ᠪᠠᠶᠢᠭᠤᠯᠤᠭᠰᠠᠨ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠪᠢᠶᠠᠷᠢᠯᠠᠨ ᠥᠭᠬᠦ ᠠᠷᠭ᠎ᠠ ᠮᠠᠶ᠋ᠢᠭ ᠢᠶᠠᠷ | ᠬᠠᠩᠭᠠᠬᠤ ᠬᠡᠷᠡᠭᠲᠡᠶ᠃ | ᠨᠠᠢᠮᠠᠳᠤᠭᠠᠷ ᠵᠦᠢᠯ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢᠨ ᠬᠠᠮᠢᠶ᠎ᠠ ᠪᠦᠬᠦᠢ ᠭᠠᠶᠢᠯᠢ | ᠰᠦᠢᠳᠭᠡᠯ ᠤᠨ ᠲᠥᠷᠥ ᠶᠢᠨ ᠪᠣᠳᠣᠯᠭ᠎ᠠ ᠶᠢ ︽ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠤᠯᠪᠣᠭᠳᠠᠯ | ᠪᠦᠬᠦᠢ ᠭᠠᠶᠢᠯᠢ ᠰᠦᠢᠳᠭᠡᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠠᠯᠪᠠᠨ ᠵᠠᠷ︾ ︵ᠡᠳ᠋ ᠤᠨ ᠵᠠᠰᠠᠭ ᠤᠨ | ᠶᠠᠮᠤᠨ ᠤ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠵᠠᠷ 2023 ᠣᠨ ᠤ 70 ᠳ᠋ᠤᠭᠠᠷ ᠲᠣᠭᠠᠲᠤ︶ ᠤᠨ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ | ᠶᠢᠰᠦᠳᠦᠭᠡᠷ ᠵᠦᠢᠯ ᠲᠤᠰ ᠲᠣᠭᠤᠷᠢᠭ ᠤᠨ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢ | ᠬᠤᠳᠠᠯᠳᠤᠨ ᠠᠪᠤᠭᠰᠠᠨ ᠭᠡᠷ ᠪᠦᠯᠢ ᠨᠢ ᠲᠣᠭᠲᠠᠭᠠᠯ ᠶᠣᠰᠣᠭᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠤᠶᠤ | ᠬᠤᠳᠠᠯᠳᠤᠭᠠᠨ ᠤ ᠵᠢᠭᠡᠯᠡᠯᠭᠡ ᠭᠤᠶᠤᠴᠢᠯᠠᠵᠤ ᠪᠣᠯᠤᠨ᠎ᠠ᠃ | ᠠᠷᠪᠠᠳᠤᠭᠠᠷ ᠵᠦᠢᠯ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢᠨ ᠲᠤᠰᠬᠠᠶᠢᠯᠠᠨ ᠰᠡᠯᠪᠢᠨ | ᠵᠠᠰᠠᠬᠤ ᠪᠡᠯᠡ ᠮᠥᠩᠭᠦ ᠶᠢᠨ ᠲᠤᠰᠢᠶᠠᠬᠤ ᠪᠠᠷᠢᠮᠵᠢᠶ᠎ᠠ ᠶᠢ ᠲᠤᠰ ᠬᠤᠲᠠ ᠶᠢᠨ ᠲᠠᠸᠠᠷ ᠤᠨ ᠣᠷᠣᠨ ᠰᠠᠭᠤᠴᠠ ᠶᠢᠨ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠷᠪᠠᠨ ᠨᠢᠭᠡᠳᠦᠭᠡᠷ ᠵᠦᠢᠯ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠡᠳ᠋ ᠤᠨ ᠵᠠᠰᠠᠭ ᠤᠨ ᠪᠡᠯᠡ ᠮᠥᠩᠭᠦ᠂ ᠲᠤᠰᠬᠠᠶ ᠵᠦᠢᠯ ᠤᠨ ᠵᠢᠭᠡᠯᠡᠯᠭᠡ᠂ ᠵᠢᠭᠡᠯᠡᠯᠭᠡ᠂ | ᠪᠣᠷᠣᠯᠠᠭᠤᠯᠤᠨ ᠬᠤᠳᠠᠯᠳᠤᠵᠤ ᠡᠭᠡᠭᠦᠯᠦᠨ ᠪᠤᠴᠠᠭᠠᠬᠤ ᠵᠣᠭᠤᠰ ᠵᠡᠷᠭᠡ ᠬᠠᠮᠢᠶ᠎ᠠ ᠪᠦᠬᠦᠢ ᠪᠡᠯᠡ ᠮᠥᠩᠭᠦ ᠶᠢ | ᠪᠢᠲᠡᠭᠦᠮᠵᠢᠯᠡᠨ ᠬᠠᠮᠢᠶᠠᠷᠬᠤ ᠶᠢ ᠬᠡᠷᠡᠭᠵᠢᠭᠦᠯᠵᠦ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠵᠦ᠂ ᠰᠢᠬᠠᠨ | ᠡᠵᠡᠯᠡᠵᠦ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠭᠤᠷᠪᠠᠳᠣᠭᠠᠷ ᠪᠦᠯᠦᠭ ᠭᠡᠷ ᠪᠠᠶᠢᠰᠢᠩ ᠢ ᠪᠡᠯᠡᠳᠭᠡᠨ ᠪᠠᠶᠢᠭᠤᠯᠬᠤ | ᠠᠷᠪᠠᠨ ᠬᠤᠶᠠᠳᠤᠭᠠᠷ ᠵᠦᠢᠯ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢ ᠪᠡᠯᠡᠳᠬᠡᠨ | ᠪᠠᠶᠢᠭᠤᠯᠬᠤ ᠳᠤ᠂ ︽ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠲᠥᠷᠥᠯ ᠵᠦᠢᠯ ᠤᠨ ᠡᠵᠡᠩᠨᠡᠯᠲᠡ ᠶᠢᠨ ᠺᠣᠮᠫᠠᠨᠢ︾ | ᠶᠢᠨ ᠵᠠᠭᠪᠤᠷ ᠢᠶᠠᠷ ᠶᠠᠪᠤᠭᠳᠠᠭᠤᠯᠤᠨ᠎ᠠ᠂ ᠲᠤᠬᠠᠶᠢᠯᠠᠪᠠᠯ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ | ᠡᠵᠡᠩᠨᠡᠯᠲᠡ ᠶᠢᠨ ᠺᠣᠮᠫᠠᠨᠢ ᠶᠢ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠶᠣᠰᠣᠭᠠᠷ ᠠᠵᠢᠯᠯᠠᠭᠤᠯᠤᠨ᠎ᠠ᠃ | ᠨᠢᠭᠡᠳᠦᠯᠲᠡᠢ ᠲᠥᠯᠥᠪᠵᠢᠭᠦᠯᠵᠦ᠂ ᠵᠦᠢ ᠵᠣᠬᠢᠰᠲᠠᠢ ᠪᠠᠶᠢᠷᠢᠰᠢᠭᠤᠯᠵᠤ᠂ ᠢᠵᠢ ᠪᠦᠷᠢᠳᠦᠭᠦᠯᠦᠨ ᠪᠦᠲᠦᠭᠡᠨ | ᠪᠠᠶᠢᠭᠤᠯᠵᠤ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠭᠦᠢᠴᠡᠳ ᠪᠣᠳᠣᠯᠬᠢᠯᠠᠵᠤ᠂ | ᠣᠷᠣᠨ ᠪᠠᠶᠢᠷᠢ ᠶᠢᠨ ᠪᠠᠶᠢᠷᠢᠯᠠᠭᠤᠯᠤᠯᠲᠠ ᠶᠢ ᠵᠦᠢ ᠵᠣᠬᠢᠰᠲᠠᠢ ᠲᠣᠬᠢᠷᠠᠭᠤᠯᠪᠠ᠃ | ᠠᠷᠪᠠᠨ ᠭᠤᠷᠪᠠᠳᠤᠭᠠᠷ ᠵᠦᠢᠯ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢ ᠪᠡᠯᠡᠳᠬᠡᠨ | ᠪᠠᠶᠢᠭᠤᠯᠬᠤ ᠳᠤ ᠭᠤᠤᠯᠳᠠᠭᠤ ᠰᠢᠨ᠎ᠡ ᠪᠠᠷ ᠪᠠᠶᠢᠭᠤᠯᠬᠤ ᠪᠠ ᠦᠯᠡᠳᠡᠭᠡᠯ ᠣᠷᠣᠨ ᠰᠠᠭᠤᠴᠠ ᠶᠢ ᠬᠤᠳᠠᠯᠳᠤᠨ ᠠᠪᠬᠤ | ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠨᠥᠬᠦᠴᠡᠯ ᠳᠤ ᠨᠡᠶᠢᠴᠡᠬᠦ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ | ᠢᠷᠡᠯᠲᠡ ᠶᠢ ᠲᠣᠬᠢᠷᠠᠭᠤᠯᠤᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠪᠣᠯᠭᠠᠨ | ᠬᠤᠪᠢᠷᠠᠭᠤᠯᠵᠤ ᠪᠣᠯᠤᠨ᠎ᠠ᠃ | ᠠᠷᠪᠠᠨ ᠲᠠᠪᠤᠳᠤᠭᠠᠷ ᠵᠦᠢᠯ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢ ᠬᠡᠷᠡᠭᠯᠡᠬᠦ ᠳᠤ ᠭᠦᠢᠴᠡᠳ ᠪᠠᠶᠢᠬᠤ ᠪᠠᠷ ᠵᠠᠷᠴᠢᠮ ᠪᠣᠯᠭᠠᠬᠤ ᠶᠢᠨ ᠬᠠᠮᠲᠤ᠂ ᠪᠠᠲᠤᠯᠠᠭ᠎ᠠ ᠶᠢᠨ | ᠡᠲᠡᠭᠡᠳ ᠤᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠰᠢᠨ᠎ᠡ ᠪᠠᠷ ᠪᠠᠶᠢᠭᠤᠯᠬᠤ | ᠲᠦᠷᠦᠯ ᠵᠦᠢᠯ ᠤᠨ ᠭᠠᠭᠴᠠ ᠢᠵᠢ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠢ ᠶᠢ 60-100 ᠲᠡᠭᠰᠢ | ᠳᠥᠷᠪᠡᠯᠵᠢᠨ ᠮᠧᠳ᠋ᠷ ᠢᠶᠠᠷ ᠬᠢᠵᠠᠭᠠᠷᠯᠠᠨ᠎ᠠ᠃ ᠪᠦᠬᠦ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠶᠢᠨ ᠬᠢᠷᠢ | ᠬᠡᠮᠵᠢᠶ᠎ᠡ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ | ᠬᠥᠭᠵᠢᠯᠲᠡ ᠶᠢᠨ ᠬᠠᠨᠳᠤᠰᠢ ᠬᠢᠭᠡᠳ ᠠᠳᠠᠯᠢ ᠪᠤᠰᠤ ᠨᠡᠶᠢᠲᠡ ᠴᠣᠭᠴᠠ ᠶᠢᠨ ᠪᠠᠲᠤᠯᠠᠭ᠎ᠠ ᠶᠢᠨ ᠡᠲᠡᠭᠡᠳ ᠤᠨ | ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠦᠨᠳᠦᠰᠦᠯᠡᠨ᠂ ᠲᠣᠬᠢᠷᠠᠭᠤᠯᠤᠨ ᠬᠤᠳᠠᠯᠳᠤᠬᠤ ᠬᠡᠯᠪᠡᠷᠢ ᠶᠢᠨ | ᠣᠷᠣᠨ ᠰᠠᠭᠤᠴᠠ ᠶᠢᠨ ᠭᠠᠭᠴᠠ ᠢᠵᠢ ᠪᠠᠷᠢᠯᠭ᠎ᠠ ᠶᠢᠨ ᠲᠠᠯᠠᠪᠠᠶ ᠶᠢ ᠵᠣᠬᠢᠰᠲᠠᠶ ᠲᠣᠬᠢᠷᠠᠭᠤᠯᠵᠤ ᠪᠣᠯᠤᠨ᠎ᠠ᠃ | ᠠᠷᠪᠠᠨ ᠵᠢᠷᠭᠤᠳᠤᠭᠠᠷ ᠵᠦᠢᠯ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢ ᠪᠦᠲᠦᠭᠡᠨ | ᠪᠠᠶᠢᠭᠤᠯᠬᠤ ᠳᠤ ᠰᠠᠭᠠᠳ ᠦᠭᠡᠶ ᠨᠡᠪᠲᠡᠷᠡᠬᠦ ᠵᠠᠮ ᠭᠠᠷᠭᠠᠵᠤ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ | ᠰᠢᠯᠢᠳᠡᠭᠵᠢᠭᠦᠯᠬᠦ ᠬᠡᠷᠡᠭᠲᠡᠶ᠃ | ᠳᠥᠷᠪᠡᠳᠦᠭᠡᠷ ᠪᠦᠯᠦᠭ ᠭᠤᠶᠤᠴᠢᠯᠠᠬᠤ ᠨᠥᠬᠦᠴᠡᠯ | ᠠᠷᠪᠠᠨ ᠳᠣᠯᠣᠳᠤᠭᠠᠷ ᠵᠦᠢᠯ ᠭᠤᠤᠯ ᠭᠤᠶᠤᠴᠢᠯᠠᠭᠴᠢ ᠨᠢ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ | ᠪᠦᠷᠢᠨ ᠴᠢᠳᠠᠪᠤᠷᠢ ᠲᠠᠢ ᠪᠠᠶᠢᠬᠤ ᠬᠡᠷᠡᠭᠲᠡᠶ᠂ ᠭᠤᠶᠤᠴᠢᠯᠠᠭᠰᠠᠨ ᠭᠡᠷ ᠪᠦᠯᠢ ᠶᠢᠨ ᠪᠦᠷᠢᠯᠳᠦᠬᠦᠨ ᠳᠤ ᠬᠠᠨᠢ ᠨᠥᠬᠦᠷ | ᠪᠠ ᠨᠠᠰᠤᠨ ᠳᠤ ᠬᠦᠷᠦᠭᠡᠳᠦᠶ ᠦᠷ᠎ᠡ ᠬᠡᠦᠬᠡᠳ ᠢ ᠪᠠᠭᠲᠠᠭᠠᠨ᠎ᠠ︔ ᠭᠠᠭᠴᠠ ᠪᠡᠶ᠎ᠡ ᠡᠷᠦᠬᠡ ᠶᠢᠨ ᠭᠡᠷ ᠪᠦᠯᠢ ᠶᠢᠨ | ᠭᠤᠶᠤᠴᠢᠯᠠᠭᠴᠢ ᠨᠢ ᠬᠠᠤᠯᠢ ᠪᠠᠷ ᠲᠣᠭᠲᠠᠭᠠᠭᠰᠠᠨ ᠤᠷᠤᠭᠯᠠᠬᠤ ᠨᠠᠰᠤᠨ ᠳᠤ ᠬᠦᠷᠦᠭᠰᠡᠨ ᠪᠠᠶᠢᠬᠤ ᠬᠡᠷᠡᠭᠲᠡᠶ᠃ | ᠠᠷᠪᠠᠨ ᠨᠠᠶ᠋ᠮᠠᠳᠤᠭᠠᠷ ᠵᠦᠢᠯ ᠭᠤᠶᠤᠴᠢᠯᠠᠭᠰᠠᠨ ᠭᠡᠷ ᠪᠦᠯᠢ ᠨᠢ ᠳᠣᠤᠷᠠᠬᠢ ᠨᠥᠬᠦᠴᠡᠯ ᠳᠤ ᠨᠡᠶᠢᠴᠡᠭᠰᠡᠨ | ᠪᠠᠶᠢᠬᠤ ᠬᠡᠷᠡᠭᠲᠡᠶ᠄ | ︵ᠨᠢᠭᠡ︶ ᠬᠠᠶᠢᠨᠠᠨ ᠲᠣᠭᠤᠷᠢᠭ ᠤᠨ ᠡᠷᠦᠬᠡ ᠠᠮᠠ ᠲᠠᠢ ᠪᠥᠭᠡᠳ ᠲᠤᠬᠠᠶ ᠶᠢᠨ ᠭᠠᠵᠠᠷ ᠲᠤ ᠪᠣᠳᠠᠲᠠᠶ | ᠰᠠᠭᠤᠵᠤ ᠪᠠᠶᠢᠨ᠎ᠠ︔ | ︵ᠬᠤᠶᠠᠷ︶ ᠭᠤᠶᠤᠴᠢᠯᠠᠭᠰᠠᠨ ᠭᠡᠷ ᠪᠦᠯᠢ ᠶᠢᠨ ᠪᠦᠷᠢᠯᠳᠦᠬᠦᠨ ᠦᠬᠠᠢ ᠬᠤᠳᠠ ᠶᠢᠨ ᠬᠠᠶᠢᠷᠤᠪ ᠤᠨ ᠲᠤᠬᠤᠢ | ᠲᠣᠭᠤᠷᠢᠭ᠂ ᠤᠳᠠ ᠲᠣᠭᠤᠷᠢᠭ᠂ ᠬᠠᠶᠢᠨᠠᠨ ᠲᠣᠭᠤᠷᠢᠭ ᠤᠨ ᠳᠣᠲᠣᠷ᠎ᠠ ᠥᠪᠡᠷ ᠤᠨ ᠣᠷᠣᠨ ᠰᠠᠭᠤᠴᠠ ᠦᠭᠡᠢ | ᠪᠤᠶᠤ ᠬᠥᠮᠦᠨ ᠳᠤᠮᠳᠠᠴᠢ ᠶᠢᠨ ᠥᠪᠡᠷ ᠤᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠢ 15 ᠲᠡᠭᠰᠢ | ᠳᠥᠷᠪᠡᠯᠵᠢᠨ ᠮᠧᠳ᠋ᠷ ᠬᠦᠷᠬᠦ ᠦᠭᠡᠢ᠃ | ᠠᠷᠪᠠ ᠶᠢᠰᠦᠳᠦᠭᠡᠷ ᠵᠦᠢᠯ ᠦᠪᠡᠷ ᠤᠨ ᠣᠷᠣᠨ ᠰᠠᠭᠤᠴᠠ ᠨᠢ ᠨᠢᠭᠡᠨᠲᠡ ᠡᠷᠬᠡ ᠶᠢᠨ ᠬᠠᠷᠢᠶ᠎ᠠ ᠶᠢ | ᠪᠦᠷᠢᠳᠬᠡᠭᠦᠯᠬᠦ ᠣᠷᠣᠨ ᠰᠠᠭᠤᠴᠠ ᠪᠣᠶᠣ ᠨᠢᠭᠡᠨᠲᠡ ᠰᠦᠯᠵᠢᠶ᠎ᠡ ᠪᠠᠷ ᠭᠠᠷ ᠤᠨ ᠦᠰᠦᠭ ᠵᠢᠷᠤᠵᠤ ᠳᠠᠩᠰᠠᠯᠠᠭᠤᠯᠬᠤ | ᠭᠡᠷ᠎ᠡ ᠲᠣᠭᠲᠠᠭᠰᠠᠨ ᠪᠣᠯᠪᠠᠴᠤ ᠡᠷᠬᠡ ᠶᠢᠨ ᠬᠠᠷᠢᠶ᠎ᠠ ᠶᠢ ᠲᠡᠮᠲᠡᠭᠯᠡᠬᠦ ᠭᠠᠷ ᠭᠦᠢᠴᠡᠳᠭᠡᠯ ᠬᠢᠭᠡᠳᠦᠢ ᠣᠷᠣᠨ ᠰᠠᠭᠤᠴᠠ | ᠪᠣᠯᠣᠨ᠎ᠠ᠃ | ᠬᠤᠷᠢᠳᠤᠭᠠᠷ ᠵᠦᠢᠯ ᠬᠠᠶᠢᠨᠠᠨ ᠲᠣᠭᠤᠷᠢᠭ ᠤᠨ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠤᠶᠤ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢ ᠶᠠᠭ ᠬᠦᠷᠲᠡᠵᠦ ᠪᠠᠶᠢᠭ᠎ᠠ ᠭᠡᠷ ᠪᠦᠯᠢ ᠨᠢ | ᠲᠣᠬᠢᠷᠠᠭᠤᠯᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠬᠤᠳᠠᠯᠳᠤᠨ ᠠᠪᠬᠤ ᠬᠢᠷᠢ ᠬᠡᠮ ᠲᠠᠢ | ᠪᠠᠶᠢᠪᠠᠯ᠂ ᠲᠣᠬᠢᠷᠠᠭᠤᠯᠤᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ | ᠡᠷᠦᠬᠡ ᠳᠤ ᠣᠷᠣᠭᠤᠯᠬᠤ ᠠᠴᠠ ᠡᠮᠦᠨ᠎ᠡ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠪᠤᠶᠤ | ᠪᠠᠲᠤᠯᠠᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢ ᠪᠤᠴᠠᠭᠠᠨ ᠭᠠᠷᠭᠠᠬᠤ ᠬᠡᠷᠡᠭᠲᠡᠶ᠃ | ᠲᠠᠪᠤᠳᠤᠭᠠᠷ ᠪᠦᠯᠦᠭ ᠭᠤᠶᠤᠴᠢᠯᠠᠯ ᠢ ᠬᠢᠨᠠᠨ ᠬᠠᠷᠭᠤᠭᠤᠯᠬᠤ | ᠬᠤᠷᠢᠨ ᠨᠢᠭᠡᠳᠦᠭᠡᠷ ᠵᠦᠢᠯ ᠭᠤᠣᠯ ᠭᠤᠶᠤᠴᠢᠯᠠᠭᠴᠢ ᠨᠢ ᠬᠠᠶᠢᠨᠠᠨ ᠲᠣᠭᠤᠷᠢᠭ ᠤᠨ ᠡᠷᠦᠬᠡ ᠠᠮᠠ ᠲᠠᠢ | ᠪᠦᠭᠡᠳ ᠲᠤᠰ ᠭᠠᠵᠠᠷ ᠲᠤ ᠪᠣᠳᠠᠲᠠᠢ ᠣᠷᠣᠰᠢᠨ ᠰᠠᠭᠤᠵᠤ ᠪᠠᠶᠢᠪᠠᠯ᠂ ᠲᠤᠰ ᠬᠥᠮᠥᠨ ᠵᠢᠴᠢ ᠭᠡᠷ ᠪᠦᠯᠢ ᠶᠢᠨ | ᠬᠠᠮᠲᠤ ᠶᠢᠨ ᠭᠤᠶᠤᠴᠢᠯᠠᠭᠴᠢ ᠶᠢᠨ ᠡᠷᠦᠬᠡ ᠠᠮᠠ᠂ ᠣᠷᠣᠬᠤ᠂ ᠣᠷᠣᠨ ᠰᠠᠭᠤᠴᠠ ᠶᠢᠨ ᠮᠡᠳᠡᠭᠡ ᠵᠠᠩᠭᠢ ᠪᠠᠨ | ᠲᠠᠭᠯᠠᠨ ᠮᠡᠳᠡᠭᠦᠯᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ ᠣᠷᠣᠨ ᠰᠠᠭᠤᠴᠠ ᠲᠣᠬᠢᠷᠠᠭᠤᠯᠤᠨ ᠬᠤᠳᠠᠯᠳᠤᠬᠤ ᠪᠠᠷ ᠭᠤᠶᠤᠴᠢᠯᠠᠬᠤ ᠳᠤ᠂ | ᠳᠣᠤᠷᠠᠬᠢ ᠮᠡᠲᠦ ᠮᠠᠲ᠋ᠧᠷᠢᠶᠠᠯ ᠢ ᠬᠠᠩᠭᠠᠬᠤ ᠬᠡᠷᠡᠭᠲᠡᠶ᠄ | ︵ᠨᠢᠭᠡ︶ ︽ᠬᠠᠶᠢᠨᠠᠨ ᠲᠣᠭᠤᠷᠢᠭ ᠤᠨ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ | ᠣᠷᠣᠨ ᠰᠠᠭᠤᠴᠠ ᠶᠢᠨ ᠭᠤᠶᠤᠴᠢᠯᠠᠯ ᠤᠨ ᠬᠦᠰᠦᠨᠦᠭᠲᠦ︾ | ︵ᠬᠤᠶᠠᠷ︶ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ ︵ᠬᠤᠯᠪᠤᠰᠤ ᠵᠢᠴᠢ ᠨᠠᠰᠤᠨ ᠳᠤ | ᠥᠯᠥ ᠭᠦᠷᠦᠭᠰᠡᠨ ᠦᠷ᠎ᠡ ᠬᠡᠤᠬᠡᠳ ᠢ ᠪᠠᠭᠲᠠᠭᠠᠨ᠎ᠠ︶ ᠪᠤᠶᠤ ᠲᠡᠭᠦᠨ ᠤ ᠪᠡᠶ᠎ᠡ ᠶᠢᠨ ᠭᠠᠷᠤᠯ ᠢ ᠭᠡᠷᠡᠴᠢᠯᠡᠵᠦ ᠪᠣᠯᠬᠤ | ᠪᠤᠰᠤᠳ ᠮᠠᠲ᠋ᠧᠷᠢᠶᠠᠯ ᠮᠥᠨ᠂ ᠬᠤᠪᠢ ᠬᠥᠮᠦᠨ ᠤ ᠠᠮᠠᠯᠠᠯᠲᠠ ᠶᠢᠨ ᠪᠢᠴᠢᠭ ︵ᠠᠮᠠᠯᠠᠯᠲᠠ ᠨᠢ ᠬᠠᠩᠭᠠᠭᠰᠠᠨ ᠪᠥᠬᠦ | ᠮᠡᠳᠡᠭᠡ ᠵᠠᠩᠭᠢ ᠪᠠ ᠮᠠᠲ᠋ᠧᠷᠢᠶᠠᠯ ᠤᠨ ᠦᠨᠡᠨ ᠪᠣᠳᠠᠲᠠᠶ ᠪᠥᠭᠡᠳ ᠬᠦᠴᠦᠨ ᠲᠡᠭᠦᠯᠳᠡᠷ ᠪᠠᠶᠢᠬᠤ︶︔ ᠭᠤᠶᠤᠴᠢᠯᠠᠭᠴᠢ | ᠵᠢᠴᠢ ᠭᠡᠷ ᠪᠦᠯᠢ ᠶᠢᠨ ᠪᠦᠷᠢᠯᠳᠦᠬᠦᠨ ᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠡᠷᠦᠬᠡ ᠠᠮᠠ ᠶᠢᠨ ᠬᠠᠷᠢᠶ᠎ᠠ᠂ ᠤᠷᠤᠭ ᠤᠨ ᠶᠠᠪᠤᠳᠠᠯ᠂ ᠠᠵᠢᠯ᠂ ᠨᠡᠶᠢᠭᠡᠮ ᠤᠨ ᠳᠠᠭᠠᠳᠬᠠᠯ᠂ | ᠣᠷᠣᠯᠭ᠎ᠠ ᠶᠢ ᠬᠦᠯᠢᠶᠡᠨ ᠠᠪᠬᠤ ᠶᠢ ᠵᠥᠪᠰᠢᠶᠡᠷᠡᠬᠦ ᠪᠠᠷ ᠢᠯᠡᠷᠬᠡᠶᠢᠯᠡᠬᠦ ᠬᠡᠷᠡᠭᠲᠡᠢ ᠭᠡᠵᠦ ᠢᠯᠡᠷᠬᠡᠶᠢᠯᠡᠪᠡ︶ ᠣᠷᠣᠨ | ᠰᠠᠭᠤᠴᠠ ᠵᠡᠷᠭᠡ ᠪᠠᠶᠢᠳᠠᠯ ᠢ ᠪᠠᠶᠢᠴᠠᠭᠠᠵᠤ ᠬᠢᠨᠠᠨ ᠬᠠᠷᠭᠤᠭᠤᠯᠵᠤ᠃ | ᠬᠤᠷᠢᠨ ᠭᠤᠷᠪᠠᠳᠤᠭᠠᠷ ᠵᠦᠢᠯ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠥᠭᠡᠳ | ᠲᠣᠭᠲᠠᠭᠠᠯ ᠳᠤ ᠨᠡᠶᠢᠴᠡᠬᠦ ᠭᠤᠶᠤᠴᠢᠯᠠᠯ ᠤᠨ ᠭᠡᠷ ᠪᠦᠯᠢ ᠶᠢ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠬᠦᠯᠢᠶᠡᠨ ᠠᠪᠴᠤ ᠰᠢᠢᠳᠪᠦᠷᠢᠯᠡᠨ᠎ᠡ︔ ᠭᠤᠶᠤᠴᠢᠯᠠᠯ ᠤᠨ | ᠮᠠᠲ᠋ᠧᠷᠢᠶᠠᠯ ᠨᠢ ᠪᠦᠷᠢᠨ ᠭᠦᠢᠴᠡᠳ ᠦᠭᠡᠢ ᠪᠠᠶᠢᠪᠠᠯ᠂ ᠭᠤᠶᠤᠴᠢᠯᠠᠭᠴᠢ ᠠᠴᠠ ᠬᠠᠮᠢᠶ᠎ᠠ ᠪᠦᠬᠦᠢ ᠮᠠᠲ᠋ᠧᠷᠢᠶᠠᠯ ᠢ | ᠨᠥᠬᠦᠨ ᠣᠷᠣᠭᠤᠯᠤᠨ᠎ᠠ︔ ᠲᠣᠭᠲᠠᠭᠠᠯ ᠳᠤ ᠨᠡᠶᠢᠴᠡᠬᠦ ᠦᠭᠡᠢ ᠪᠣᠯ ᠬᠦᠯᠢᠶᠡᠨ ᠠᠪᠴᠤ ᠰᠢᠢᠳᠪᠦᠷᠢᠯᠡᠬᠦ ᠦᠭᠡᠢ | ᠪᠥᠭᠡᠳ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠬᠢᠨᠠᠨ ᠬᠠᠷᠭᠤᠭᠤᠯᠵᠤ ᠨᠤᠲᠠᠯᠠᠬᠤ ᠬᠤᠭᠤᠴᠠᠭᠠᠨ ᠳᠤ᠂ ᠭᠡᠷ ᠪᠦᠯᠢ ᠠᠴᠠ | ᠰᠠᠶᠢᠨ ᠳᠤᠷ᠎ᠠ ᠠᠴᠠ ᠪᠠᠨ ᠭᠠᠷᠬᠤ ᠭᠤᠶᠤᠴᠢᠯᠠᠯ ᠭᠠᠷᠭᠠᠪᠠᠯ᠂ ᠬᠢᠨᠠᠨ ᠬᠠᠷᠭᠤᠭᠤᠯᠵᠤ ᠨᠤᠲᠠᠯᠠᠬᠤ ᠠᠵᠢᠯ ᠢ | ᠵᠣᠭᠰᠣᠭᠠᠨ᠎ᠠ︔ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠠᠴᠠ ᠬᠦᠴᠦᠨ ᠦᠭᠡᠢ ᠪᠣᠯᠭᠠᠨ᠎ᠠ᠃ | ᠵᠢᠷᠭᠤᠳᠤᠭᠠᠷ ᠪᠦᠯᠦᠭ ᠲᠦᠭᠡᠭᠡᠨ ᠬᠤᠳᠠᠯᠳᠤᠬᠤ ᠬᠠᠮᠢᠶᠠᠷᠤᠯᠲᠠ | ᠬᠤᠷᠢᠨ ᠲᠠᠪᠤᠳᠤᠭᠠᠷ ᠵᠦᠢᠯ ᠦᠯᠡᠳᠡᠭᠡᠯ ᠣᠷᠣᠨ ᠰᠠᠭᠤᠴᠠ ᠶᠢ ᠬᠤᠳᠠᠯᠳᠤᠨ ᠠᠪᠴᠤ ᠲᠣᠬᠢᠷᠠᠭᠤᠯᠤᠨ | ᠪᠣᠷᠣᠯᠠᠭᠤᠯᠬᠤ ᠬᠡᠯᠪᠡᠷᠢ ᠶᠢᠨ ᠣᠷᠣᠨ ᠰᠠᠭᠤᠴᠠ ᠪᠠ ᠰᠢᠨ᠎ᠡ ᠪᠠᠷ ᠪᠠᠶᠢᠭᠤᠯᠤᠨ ᠬᠤᠳᠠᠯᠳᠤᠬᠤ ᠪᠠᠲᠤᠯᠠᠭ᠎ᠠ ᠶᠢᠨ | ᠴᠢᠨᠠᠷᠲᠠᠶ ᠣᠷᠣᠨ ᠰᠠᠭᠤᠴᠠ ᠪᠣᠯᠭᠠᠬᠤ ᠠᠴᠠ ᠡᠮᠦᠨ᠎ᠡ᠂ ᠪᠡᠯᠡᠳᠬᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ᠂ | ᠲᠦᠭᠡᠭᠡᠨ ᠬᠤᠳᠠᠯᠳᠤᠬᠤ ᠦᠨ᠎ᠡ ᠶᠢ ᠭᠤᠤᠯᠳᠠᠭᠤ ᠭᠠᠵᠠᠷ ᠰᠢᠷᠣᠶ ᠶᠢᠨ ᠥᠪᠡᠷ ᠤᠨ ᠥᠷᠲᠡᠭ᠂ ᠪᠦᠲᠦᠭᠡᠨ | ᠪᠠᠶᠢᠭᠤᠯᠬᠤ ᠠᠮᠤᠷ ᠲᠦᠪᠰᠢᠨ ᠤ ᠥᠪᠡᠷ ᠤᠨ ᠥᠷᠲᠡᠭ᠂ 5% ᠶᠢ ᠳᠠᠪᠠᠭᠤᠯᠬᠤ ᠦᠭᠡᠶ ᠠᠰᠢᠭ ᠬᠤᠨᠵᠢᠪᠣᠷᠢ ᠵᠡᠷᠭᠡ | ᠬᠠᠮᠢᠶ᠎ᠠ ᠪᠦᠬᠦᠢ ᠥᠪᠡᠷ ᠤᠨ ᠥᠷᠲᠡᠭ ᠢᠶᠠᠷ ᠪᠦᠷᠢᠯᠳᠦᠭᠦᠯᠵᠦ᠂ ᠲᠦᠭᠡᠭᠡᠨ ᠬᠤᠳᠠᠯᠳᠤᠬᠤ ᠦᠨ᠎ᠡ ᠬᠠᠩᠰᠢ ᠶᠢ | ᠲᠣᠭᠲᠠᠭᠠᠵᠤ᠂ ᠨᠡᠶᠢᠭᠡᠮ ᠳᠤ ᠨᠡᠶᠢᠲᠡᠯᠡᠵᠦ᠂ ᠲᠦᠭᠡᠭᠡᠨ ᠬᠤᠳᠠᠯᠳᠤᠬᠤ ᠦᠨ᠎ᠡ ᠬᠠᠩᠰᠢ ᠶᠢ ᠵᠠᠰᠠᠭ ᠤᠨ | ᠣᠷᠳᠣᠨ ᠠᠴᠠ ᠬᠢᠨᠠᠨ ᠲᠣᠭᠲᠠᠭᠠᠬᠤ ᠪᠠᠷ ᠪᠠᠷᠢᠮᠵᠢᠶ᠎ᠠ ᠪᠣᠯᠭᠠᠨ᠎ᠠ᠃ | ᠬᠤᠷᠢᠨ ᠵᠢᠷᠭᠤᠳᠤᠭᠠᠷ ᠵᠦᠢᠯ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢ ᠬᠤᠪᠢᠶᠠᠷᠢᠯᠠᠨ | ᠬᠤᠳᠠᠯᠳᠤᠬᠤ ᠳᠤ ︽ᠨᠢᠭᠡ ᠵᠦᠢᠯ ᠢ ᠨᠢᠭᠡ ᠳᠠᠩᠰᠠᠯᠠᠭᠤᠯᠪᠠᠯ ᠨᠢᠭᠡ ᠬᠠᠩᠭᠠᠬᠤ︾ ᠠᠷᠭ᠎ᠠ ᠮᠠᠶ᠋ᠢᠭ ᠢᠶᠠᠷ | ᠶᠠᠪᠤᠭᠳᠠᠭᠤᠯᠵᠤ᠂ ᠲᠦᠭᠡᠭᠡᠨ ᠬᠤᠳᠠᠯᠳᠤᠬᠤ ᠠᠷᠭ᠎ᠠ ᠮᠠᠶ᠋ᠢᠭ ᠨᠢ ᠲᠥᠷᠥᠯ ᠵᠦᠢᠯ ᠤᠨ ᠪᠠᠶᠢᠳᠠᠯ ᠲᠠᠢ ᠤᠶᠠᠯᠳᠤᠭᠤᠯᠤᠨ᠂ | ᠰᠦᠯᠵᠢᠶᠡᠨ ᠳᠡᠭᠡᠷ᠎ᠡ ᠲᠦᠭᠡᠭᠡᠨ ᠬᠤᠳᠠᠯᠳᠤᠬᠤ ᠪᠤᠶᠤ ᠰᠦᠯᠵᠢᠶᠡᠨ ᠭᠠᠳᠠᠨ᠎ᠠ ᠲᠤᠬᠢᠷᠠᠭᠤᠯᠤᠨ ᠬᠤᠳᠠᠯᠳᠤᠬᠤ ᠶᠢ | ᠬᠡᠷᠡᠭᠵᠢᠭᠦᠯᠦᠨ᠎ᠡ᠃ | ︵ᠨᠢᠭᠡ︶ ᠠᠯᠪᠠᠨ ᠵᠠᠷ ᠨᠡᠶᠢᠲᠡᠯᠡᠵᠦ᠃ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠠᠴᠠ ᠲᠦᠭᠡᠭᠡᠨ | ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠣᠷᠣᠨ ᠰᠠᠭᠤᠴᠠ ᠶᠢ ᠬᠤᠳᠠᠯᠳᠤᠬᠤ ᠲᠥᠰᠦᠯ ᠢ ᠭᠠᠳᠠᠭᠱᠢ | ᠨᠡᠢᠲᠡᠯᠡᠨ᠎ᠡ᠃ ᠡᠭᠦᠨ ᠳᠤ ᠲᠥᠷᠥᠯ ᠵᠦᠢᠯ ᠤᠨ ᠦᠨᠳᠦᠰᠦᠨ ᠪᠠᠶᠢᠳᠠᠯ᠂ ᠲᠦᠭᠡᠭᠡᠨ ᠬᠤᠳᠠᠯᠳᠤᠬᠤ ᠳᠤᠮᠳᠠᠴᠢ ᠦᠨ᠎ᠡ | ᠵᠢᠴᠢ ᠳᠡᠩᠰᠡᠯᠡᠨ ᠲᠡᠮᠳᠡᠭᠯᠡᠬᠦ ᠴᠠᠭ᠂ ᠭᠠᠵᠠᠷ᠂ ᠠᠷᠭ᠎ᠠ ᠮᠠᠶ᠋ᠢᠭ ᠵᠡᠷᠭᠡ ᠪᠠᠭᠲᠠᠨ᠎ᠠ᠃ | ︵ᠬᠤᠶᠠᠷ︶ ᠡᠷᠭᠦᠳᠡᠯ ᠭᠠᠷᠭᠠᠬᠤ ᠪᠠ ᠬᠦᠯᠢᠶᠡᠨ ᠠᠪᠬᠤ᠃ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ | ᠰᠠᠭᠤᠴᠠ ᠳᠤ ᠬᠤᠪᠢ ᠬᠥᠮᠦᠨ ᠭᠤᠶᠤᠴᠢᠯᠠᠨ ᠮᠡᠳᠡᠭᠦᠯᠬᠦ ᠳᠦᠷᠢᠮ ᠢ ᠬᠡᠷᠡᠭᠵᠢᠭᠦᠯᠬᠦ ᠬᠡᠷᠡᠭᠲᠡᠶ᠃ ᠨᠥᠬᠦᠴᠡᠯ ᠳᠤ | ᠨᠡᠶᠢᠴᠡᠬᠦ ᠲᠦᠭᠡᠭᠡᠨ ᠬᠤᠳᠠᠯᠳᠤᠬᠤ ᠡᠲᠡᠭᠡᠳ ᠨᠢ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠳᠤ ᠭᠡᠷ | ᠪᠠᠶᠢᠰᠢᠩ ᠬᠤᠳᠠᠯᠳᠤᠨ ᠠᠪᠬᠤ ᠭᠤᠶᠤᠴᠢᠯᠠᠯ ᠢᠶᠠᠨ ᠰᠢᠭᠤᠳ ᠳᠤᠷᠠᠳᠴᠤ ᠪᠣᠯᠬᠤ ᠪᠥᠭᠡᠳ ᠬᠤᠪᠢ ᠬᠥᠮᠦᠨ ᠤ | ᠮᠡᠳᠡᠭᠦᠯᠦᠭᠰᠡᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠪᠣᠯᠤᠨ ᠪᠦᠷᠢᠨ ᠪᠦᠲᠦᠨ ᠴᠢᠨᠠᠷ ᠲᠤ ᠬᠠᠷᠢᠭᠤᠴᠠᠬᠤ | ᠬᠡᠷᠡᠭᠲᠡᠶ ᠭᠡᠵᠦ ᠠᠮᠠᠯᠳᠠᠬᠤ ᠬᠡᠷᠡᠭᠲᠡᠶ᠃ | ︵ᠭᠤᠷᠪᠠ︶ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ᠃ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠳ ᠬᠠᠮᠵᠢᠯᠴᠠᠨ᠂ ᠭᠤᠶᠤᠴᠢᠯᠠᠭᠴᠢ ᠶᠢᠨ ᠬᠢᠷᠢ ᠭᠡᠮ ᠢ ᠬᠠᠮᠲᠤᠷᠠᠨ ᠬᠢᠨᠠᠨ ᠬᠠᠷᠭᠤᠭᠤᠯᠵᠤ ᠮᠠᠭᠠᠳᠯᠠᠨ | ᠲᠣᠭᠲᠠᠭᠠᠬᠤ ᠬᠡᠷᠡᠭᠲᠡᠶ᠃ ᠬᠢᠨᠠᠨ ᠬᠠᠷᠭᠤᠭᠤᠯᠤᠭᠠᠳ ᠲᠦᠭᠡᠭᠡᠨ ᠬᠤᠳᠠᠯᠳᠤᠬᠤ ᠬᠢᠷᠢ ᠭᠡᠮ ᠢ ᠬᠠᠩᠭᠠᠬᠤ ᠳᠤ | ᠨᠡᠶᠢᠴᠡᠪᠡᠯ᠂ ᠬᠠᠶᠢᠨᠠᠨ ᠲᠣᠭᠤᠷᠢᠭ ᠤᠨ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢᠨ ᠡᠭᠡᠯᠵᠢᠯᠡᠨ | ᠬᠦᠯᠢᠶᠡᠬᠦ ᠬᠥᠮᠥᠷᠭᠡ ᠳᠤ ᠣᠷᠣᠭᠤᠯᠬᠤ ᠬᠡᠷᠡᠭᠲᠡᠶ︔ ᠲᠤᠬᠢᠷᠠᠭᠤᠯᠤᠨ ᠬᠤᠳᠠᠯᠳᠤᠬᠤ ᠬᠢᠷᠢ ᠬᠡᠮ ᠳᠤ ᠨᠡᠶᠢᠴᠡᠬᠦ ᠦᠭᠡᠶ | ᠪᠣᠯ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ ᠪᠥᠭᠡᠳ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ︵ᠲᠦᠷᠪᠡ︶ ᠳᠠᠩᠰᠠᠯᠠᠨ ᠲᠡᠮᠳᠡᠭᠯᠡᠬᠦ ᠶᠢ ᠢᠯᠡ ᠨᠡᠶᠢᠲᠡᠯᠡᠬᠦ ᠬᠡᠷᠡᠭᠲᠡᠢ᠃ ᠬᠢᠨᠠᠨ ᠵᠥᠪᠰᠢᠶᠡᠷᠡᠬᠦ ᠪᠠᠷ ᠳᠠᠮᠵᠢᠨ | ᠬᠢᠷᠢ ᠭᠡᠮ ᠣᠯᠤᠭᠰᠠᠨ ᠤ ᠳᠠᠷᠠᠭ᠎ᠠ᠂ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠠᠴᠠ ᠭᠠᠳᠠᠭᠰᠢ 7 | ᠠᠵᠢᠯᠯᠠᠬᠤ ᠡᠳᠦᠷ ᠤᠨ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠳᠤ ᠣᠨᠳᠣᠤ ᠰᠠᠨᠠᠯ ᠦᠭᠡᠶ ᠪᠣᠯ ᠲᠥᠷᠥᠯ | ᠵᠦᠢᠯ ᠤᠨ ᠬᠠᠮᠢᠶᠠᠷᠤᠯᠲᠠ ᠶᠢᠨ ᠨᠢᠭᠡᠴᠡ ᠠᠴᠠ ᠭᠤᠶᠤᠴᠢᠯᠠᠭᠴᠢ ᠳᠤ ᠮᠡᠳᠡᠭᠳᠡᠵᠦ ᠬᠤᠳᠠᠯᠳᠤᠨ ᠠᠪᠬᠤ ᠪᠣᠯᠵᠣᠭᠠᠨ ᠤ | ᠮᠥᠩᠭᠦ ᠲᠤᠰᠢᠶᠠᠯᠭᠠᠨ᠎ᠠ᠃ ᠵᠠᠬᠢᠶᠠᠯᠠᠭ᠎ᠠ ᠶᠢᠨ ᠮᠥᠩᠭᠦ ᠶᠢ ᠬᠤᠳᠠᠯᠳᠤᠨ ᠠᠪᠬᠤ ᠳᠤ ᠱᠢᠭᠤᠳ ᠭᠡᠷ ᠤᠨ ᠵᠣᠭᠤᠰ ᠢ | ᠲᠤᠯᠭᠠᠨ ᠬᠠᠰᠤᠵᠤ ᠪᠣᠯᠤᠨ᠎ᠠ᠃ | ︵ᠲᠠᠪᠤ︶ ᠨᠣᠮᠧᠷ ᠣᠷᠬᠢᠵᠤ ᠭᠡᠷ ᠰᠣᠩᠬᠤᠨᠠ᠃ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠨᠢ | ᠪᠣᠳᠠᠲᠠᠶ ᠲᠠᠢ ᠪᠠᠨ ᠤᠶᠠᠯᠳᠤᠭᠤᠯᠤᠨ ᠳ᠋ᠤᠭᠠᠷᠯᠠᠵᠤ ᠬᠡᠷ ᠰᠣᠩᠭᠤᠬᠤ ᠲᠦᠷᠢᠮ ᠢ ᠲᠣᠭᠲᠠᠭᠠᠵᠤ ᠳ᠋ᠤᠭᠠᠷᠯᠠᠨ ᠭᠡᠷ | ᠰᠣᠩᠭᠤᠪᠠ᠃ | ︵ᠵᠢᠷᠭᠤᠭ᠎ᠠ︶ ᠬᠤᠳᠠᠯᠳᠤᠨ᠎ᠠ᠃ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠪᠣᠯᠤᠨ ᠲᠦᠭᠡᠭᠡᠨ | ᠬᠤᠳᠠᠯᠳᠤᠬᠤ ᠡᠲᠡᠭᠡᠳ ︽ᠬᠠᠶᠢᠨᠠᠨ ᠲᠣᠭᠤᠷᠢᠭ ᠤᠨ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ | ᠴᠢᠨᠠᠷᠲᠠᠶ ᠣᠷᠣᠨ ᠰᠠᠭᠤᠴᠠ ᠶᠢᠨ ᠮᠠᠶᠢᠮᠠᠶ ᠶᠢᠨ ᠭᠡᠷ᠎ᠡ︾ ᠲᠣᠭᠲᠠᠵᠤ᠂ ᠬᠡᠷ ᠪᠠᠶᠢᠰᠢᠩ ᠤᠨ ᠵᠣᠭᠤᠰ ᠢ ᠳ᠋ᠦᠩᠨᠡᠨ | ᠪᠣᠳᠣᠵᠤ᠂ ᠬᠡᠷ ᠲᠤᠰᠢᠶᠠᠬᠤ ᠭᠠᠷᠳᠠᠮ ᠢ ᠬᠦᠢᠴᠡᠳᠬᠡᠨ᠎ᠡ᠃ | ᠳᠣᠯᠣᠳᠤᠭᠠᠷ ᠪᠦᠯᠦᠭ ᠪᠢᠲᠡᠭᠦᠮᠵᠢᠯᠡᠨ ᠬᠠᠮᠢᠶᠠᠷᠬᠤ | ᠬᠤᠷᠢᠨ ᠳᠣᠯᠣᠳᠤᠭᠠᠷ ᠵᠦᠢᠯ ᠪᠢᠲᠡᠭᠦᠮᠵᠢᠯᠡᠨ ᠬᠠᠮᠢᠶᠠᠷᠬᠤ ᠶᠢ ᠬᠡᠷᠡᠭᠵᠢᠭᠦᠯᠵᠦ᠂ ᠶᠠᠮᠠᠷᠪᠠ ᠠᠷᠭ᠎ᠠ ᠮᠠᠶ᠋ᠢᠭ ᠢᠶᠠᠷ | ᠬᠠᠤᠯᠢ ᠪᠠ ᠲᠣᠭᠲᠠᠭᠠᠯ ᠠᠴᠠ ᠵᠥᠷᠢᠴᠡᠨ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢ ᠲᠠᠸᠠᠷ ᠤᠨ | ᠣᠷᠣᠨ ᠰᠠᠭᠤᠴᠠ ᠶᠢᠨ ᠵᠠᠬ᠎ᠠ ᠳᠡᠯᠭᠡᠭᠦᠷ ᠲᠤ ᠣᠷᠣᠭᠤᠯᠬᠤ ᠶᠢ ᠴᠠᠭᠠᠵᠠᠯᠠᠨ᠎ᠠ᠃ ᠭᠡᠷ ᠪᠠᠶᠢᠰᠢᠩ ᠬᠤᠳᠠᠯᠳᠤᠨ | ᠠᠪᠤᠭᠴᠢ ᠬᠡᠷᠪᠡ ᠤᠬᠤᠷᠢᠵᠤ ᠭᠠᠷᠬᠤ ᠴᠢᠬᠤᠯᠠᠲᠠᠢ ᠪᠣᠯ ᠰᠠᠨᠠᠭᠠᠴᠢᠯᠠᠭ᠎ᠠ ᠠᠴᠠ ᠪᠠᠨ ᠲᠥᠷᠥᠯ ᠵᠦᠢᠯ ᠤᠨ | ᠬᠠᠮᠢᠶᠠᠷᠤᠯᠲᠠ ᠶᠢᠨ ᠨᠢᠭᠡᠴᠡ ᠳᠤ ᠬᠤᠳᠠᠯᠳᠤᠨ ᠠᠪᠬᠤ ᠭᠤᠶᠤᠴᠢᠯᠠᠯ ᠭᠠᠷᠭᠠᠵᠤ᠂ ᠲᠥᠷᠥᠯ ᠵᠦᠢᠯ ᠤᠨ | ᠬᠠᠮᠢᠶᠠᠷᠤᠯᠲᠠ ᠶᠢᠨ ᠨᠢᠭᠡᠴᠡ ᠠᠴᠠ ᠤᠤᠯ ᠤᠨ ᠬᠤᠳᠠᠯᠳᠤᠨ ᠠᠪᠤᠭᠰᠠᠨ ᠦᠨ᠎ᠡ ᠬᠠᠩᠰᠢ ᠶᠢᠨ ᠶᠣᠰᠣᠭᠠᠷ ᠣᠷᠣᠨ | ᠰᠠᠭᠤᠴᠠ ᠶᠢᠨ ᠡᠯᠡᠭᠳᠡᠯ ᠲᠠᠢ ᠤᠶᠠᠯᠳᠤᠭᠤᠯᠤᠨ ᠲᠣᠭᠲᠠᠭᠠᠵᠤ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ | ᠥᠪᠡᠰᠦᠪᠡᠨ ᠵᠠᠰᠠᠵᠤ ᠴᠢᠮᠡᠭᠯᠡᠭᠰᠡᠨ ᠬᠡᠰᠡᠭ ᠲᠤ ᠲᠦᠯᠦᠪᠦᠷᠢ ᠥᠭᠬᠦ ᠦᠭᠡᠢ᠃ | ᠬᠤᠷᠢᠨ ᠨᠠᠶ᠋ᠮᠠᠳᠤᠭᠠᠷ ᠵᠦᠢᠯ ᠡᠭᠡᠭᠦᠯᠦᠨ ᠬᠤᠳᠠᠯᠳᠤᠨ ᠠᠪᠬᠤ ᠭᠤᠶᠤᠴᠢᠯᠠᠯ ᠳᠤᠷᠠᠳᠬᠤ ᠳᠤ᠂ | ᠭᠤᠶᠤᠴᠢᠯᠠᠭᠴᠢ ᠳᠣᠤᠷᠠᠬᠢ ᠨᠥᠬᠦᠴᠡᠯ ᠢ ᠬᠠᠩᠭᠠᠬᠤ ᠬᠡᠷᠡᠭᠲᠡᠶ᠄ | ︵ᠨᠢᠭᠡ︶ ᠬᠤᠳᠠᠯᠳᠤᠨ ᠠᠪᠤᠭᠰᠠᠨ ᠭᠡᠷ ᠪᠠᠶᠢᠰᠢᠩ ᠳᠤ ᠵᠢᠭᠡᠯᠡᠯᠭᠡ ᠦᠭᠡᠢ᠂ ᠪᠠᠷᠢᠴᠠᠭ᠎ᠠ ᠦᠭᠡᠢ᠂ | ᠲᠦᠷᠢᠶᠡᠰᠦᠯᠡᠯ ᠦᠭᠡᠢ᠂ ᠭᠡᠷ ᠪᠦᠯᠢ ᠶᠢᠨ ᠪᠦᠷᠢᠯᠳᠦᠬᠦᠨ ᠠᠴᠠ ᠭᠠᠳᠠᠨᠠᠬᠢ ᠬᠥᠮᠦᠰ ᠲᠤ ᠣᠷᠣᠨ ᠰᠠᠭᠤᠴᠠ ᠶᠢᠨ | ᠡᠷᠬᠡ ᠪᠠᠶᠢᠭᠤᠯᠵᠤ᠂ ᠬᠠᠤᠯᠢ ᠴᠠᠭᠠᠵᠠ ᠶᠢᠨ ᠵᠢᠭᠤᠷᠠᠯᠳᠤᠭᠠᠨ ᠦᠭᠡᠢ︔ | ︵ᠬᠤᠶᠠᠷ︶ ᠣᠷᠣᠨ ᠰᠠᠭᠤᠴᠠ ᠶᠢᠨ ᠬᠡᠷᠡᠭᠴᠡᠭᠡ ᠶᠢ ᠬᠤᠪᠢᠷᠠᠭᠤᠯᠤᠭᠰᠠᠨ ᠦᠭᠡᠢ᠂ ᠭᠡᠷ ᠪᠠᠶᠢᠰᠢᠩ ᠤᠨ | ᠪᠦᠲᠦᠴᠡ ᠶᠢ ᠨᠤᠷᠠᠭᠠᠨ ᠵᠠᠰᠠᠭᠰᠠᠨ ᠦᠭᠡᠢ᠂ ᠪᠡᠯᠡᠳᠬᠡᠮᠵᠢ ᠲᠥᠬᠦᠭᠡᠷᠦᠮᠵᠢ ᠳᠤᠲᠠᠭᠳᠠᠬᠤ ᠦᠭᠡᠢ︔ | ︵ᠭᠤᠷᠪᠠ︶ ᠤᠰᠤ᠂ ᠴᠠᠬᠢᠯᠭᠠᠨ᠂ ᠰᠢᠲᠠᠮᠠᠬᠠᠶ ᠬᠡᠶ᠂ ᠴᠠᠬᠢᠯᠭᠠᠨ ᠬᠤᠯᠪᠣᠭ᠎ᠠ᠂ ᠤᠲᠠᠰᠤᠲᠤ ᠲᠧᠯᠸᠢᠰ | ᠵᠡᠷᠭᠡ ᠣᠯᠠᠨ ᠨᠡᠶᠢᠲᠡ ᠶᠢᠨ ᠦᠢᠯᠡᠰ ᠤᠨ ᠵᠠᠷᠤᠳᠠᠯ ᠪᠠ ᠠᠳᠠᠯ ᠠᠬᠤᠶ ᠶᠢᠨ ᠦᠢᠯᠡᠴᠢᠯᠡᠭᠡᠨ ᠤ ᠵᠠᠷᠤᠳᠠᠯ ᠢ ᠨᠢᠭᠡᠨᠲᠡ | ᠲᠠᠰᠤᠯᠤᠨ ᠪᠣᠳᠣᠪᠠ︔ | ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠵᠤ ᠪᠤᠴᠠᠭᠠᠨ | ᠬᠤᠳᠠᠯᠳᠤᠵᠤ ᠠᠪᠬᠤ ᠶᠢ ᠴᠠᠭᠠᠵᠠᠯᠠᠬᠤ ᠪᠠᠶᠢᠳᠠᠯ ᠪᠠᠶᠢᠬᠤ ᠦᠭᠡᠢ᠃ | ᠬᠤᠭᠤᠴᠠᠭ᠎ᠠ ᠥᠩᠭᠡᠷᠡᠲᠡᠯ᠎ᠡ ᠪᠤᠴᠠᠭᠠᠵᠤ ᠭᠠᠷᠭᠠᠬᠤ ᠭᠠᠷᠳᠠᠮ ᠭᠦᠢᠴᠡᠳᠬᠡᠭᠰᠡᠨ ᠦᠭᠡᠶ᠂ ᠭᠡᠷ ᠪᠠᠶᠢᠰᠢᠩ ᠢᠶᠠᠨ | ᠰᠤᠯᠠᠯᠠᠵᠤ ᠪᠤᠴᠠᠭᠠᠭᠰᠠᠨ ᠪᠣᠯ᠂ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠨᠢ ᠬᠠᠤᠯᠢ ᠴᠠᠭᠠᠵᠠ ᠶᠢᠨ | ᠰᠠᠯᠠᠭ᠎ᠠ ᠮᠥᠴᠢᠷ ᠢᠶᠠᠷ ᠵᠠᠷᠯᠢᠭᠳᠠᠵᠤ ᠪᠠᠶᠢᠭᠠᠳ ᠰᠣᠯᠠᠯᠠᠭᠤᠯᠤᠨ ᠪᠤᠴᠠᠭᠠᠯᠭᠠᠬᠤ ᠶᠢᠨ ᠬᠠᠮᠲᠤ ᠬᠠᠮᠢᠶ᠎ᠠ ᠪᠦᠬᠦᠢ | ᠲᠣᠭᠲᠠᠭᠠᠯ ᠶᠣᠰᠣᠭᠠᠷ ᠡᠭᠡᠭᠦᠯᠦᠨ ᠬᠤᠳᠠᠯᠳᠤᠨ ᠠᠪᠴᠤ ᠪᠣᠯᠤᠨ᠎ᠠ᠃ | ᠬᠤᠷᠢ ᠶᠢᠰᠦᠳᠦᠭᠡᠷ ᠵᠦᠢᠯ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢ ᠵᠠᠯᠭᠠᠮᠵᠢᠯᠠᠵᠤ | ᠪᠣᠯᠤᠨ᠎ᠠ᠂ ᠵᠠᠯᠭᠠᠮᠵᠢᠯᠠᠬᠤ ᠲᠤᠬᠠᠶ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠭᠤᠴᠢᠳᠤᠭᠠᠷ ᠵᠦᠢᠯ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠤᠷᠤᠭ ᠰᠠᠯᠤᠭᠰᠠᠨ ᠪᠣᠯ᠂ ᠤᠷᠤᠭ ᠰᠠᠯᠬᠤ | ᠬᠡᠯᠡᠯᠴᠡᠭᠡᠷ ᠪᠤᠶᠤ ᠰᠢᠭᠦᠬᠦ ᠬᠤᠷᠢᠶᠠᠨ ᠤ ᠰᠢᠭᠦᠨ ᠲᠠᠰᠤᠯᠤᠯᠲᠠ ᠶᠢᠨ ᠪᠢᠴᠢᠭ ᠶᠣᠰᠣᠭᠠᠷ ᠦᠯᠦ ᠬᠥᠳᠡᠯᠬᠦ | ᠬᠥᠷᠥᠩᠭᠡ ᠶᠢ ᠬᠤᠪᠢᠷᠠᠭᠤᠯᠬᠤ ᠳᠠᠩᠰᠠᠯᠠᠯ ᠤᠨ ᠭᠠᠷᠳᠠᠮ ᠭᠦᠢᠴᠡᠳᠬᠡᠬᠦ ᠬᠡᠷᠡᠭᠲᠡᠢ︔ ᠨᠢᠭᠡ ᠲᠠᠯ᠎ᠠ ᠶᠢᠨ | ᠨᠥᠬᠦᠴᠡᠯ ᠳᠤ ᠨᠡᠶᠢᠴᠡᠬᠦ ᠶᠢ ᠨᠢ ᠪᠤᠴᠠᠭᠠᠵᠤ ᠭᠠᠷᠭᠠᠪᠠᠯ᠃ | ᠨᠠᠢᠮᠠᠳᠤᠭᠠᠷ ᠪᠦᠯᠦᠭ ᠤᠬᠤᠷᠢᠨ ᠭᠠᠷᠬᠤ ᠲᠣᠭᠲᠠᠴᠠ | ᠭᠤᠴᠢᠨ ᠨᠢᠭᠡᠳᠦᠭᠡᠷ ᠵᠦᠢᠯ ᠭᠡᠷ ᠪᠠᠶᠢᠰᠢᠩ ᠬᠤᠳᠠᠯᠳᠣᠨ ᠠᠪᠤᠠᠠᠴᠢ ᠳᠤ ᠲᠣᠣᠷᠡᠬᠢ ᠪᠠᠶᠢᠳᠡᠯ ᠤᠨ ᠨᠢᠭᠡ ᠨᠢ | ᠪᠠᠶᠢᠪᠠᠯ᠂ ᠭᠡᠷ ᠪᠠᠶᠢᠰᠢᠩ ᠬᠤᠪᠢᠶᠡᠨ ᠬᠤᠳᠠᠯᠳᠣᠬᠤ ᠠᠴᠠ ᠭᠠᠷᠣᠭᠰᠠᠨ ᠢᠶᠠᠷ ᠦᠵᠡᠨ᠎ᠠ᠄ | ︵ᠨᠢᠭᠡ︶ 2 ᠵᠢᠯ ᠤᠨ ᠳᠣᠲᠣᠷ᠎ᠠ ᠭᠡᠷ ᠪᠠᠶᠢᠰᠢᠩ ᠬᠤᠳᠠᠯᠳᠤᠨ ᠠᠪᠬᠤ ᠭᠡᠷ᠎ᠡ ᠲᠣᠭᠲᠠᠭᠰᠠᠨ ᠦᠭᠡᠢ᠂ ᠭᠡᠷ | ᠪᠠᠶᠢᠰᠢᠩ ᠬᠤᠳᠠᠯᠳᠤᠨ ᠠᠪᠬᠤ ᠵᠣᠭᠤᠰ ᠢᠶᠠᠨ ᠲᠤᠰᠢᠶᠠᠭᠰᠠᠨ ᠦᠭᠡᠢ︔ | ︵ᠬᠤᠶᠠᠷ︶ ᠮᠡᠬᠡᠯᠡᠬᠦ᠂ ᠬᠤᠳᠠᠯ ᠬᠡᠯᠡᠵᠦ ᠬᠠᠭᠤᠷᠮᠠᠭ ᠢᠶᠠᠷ ᠦᠢᠯᠡᠳ᠋ᠬᠦ ᠵᠡᠷᠭᠡ ᠲᠥᠪ ᠪᠣᠰᠤ ᠠᠷᠭ᠎ᠠ | ᠪᠠᠷᠢᠯ ᠢᠶᠠᠷ᠂ ᠲᠥᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠣᠯᠣᠭᠰᠠᠨ ᠪᠠᠶᠢᠪᠠᠯ︔ | ︵ᠭᠤᠷᠪᠠ︶ ᠭᠡᠷ ᠪᠠᠶᠢᠰᠢᠩ ᠢ ᠬᠠᠤᠯᠢ ᠴᠠᠭᠠᠵᠠ ᠪᠠᠷ ᠰᠢᠢᠳᠪᠦᠷᠢᠯᠡᠭᠰᠡᠨ᠃ | ︵ᠲᠦᠷᠪᠡ︶ ᠭᠡᠷ ᠬᠤᠳᠠᠯᠳᠤᠨ ᠠᠪᠤᠭᠴᠢ ᠭᠡᠷ ᠪᠠᠶᠢᠰᠢᠩ ᠤᠨ ᠪᠦᠲᠦᠴᠡ ᠶᠢ ᠡᠪᠳᠡᠵᠦ᠂ ᠰᠡᠯᠪᠢᠨ ᠵᠠᠰᠠᠵᠤ | ᠰᠡᠷᠭᠦᠭᠡᠬᠦ ᠶᠢ ᠲᠡᠪᠴᠢᠭᠰᠡᠨ︔ | ︵ᠲᠠᠪᠤ︶ ᠭᠡᠷ ᠬᠤᠳᠠᠯᠳᠤᠨ ᠠᠪᠤᠭᠴᠢ ᠨᠢ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢᠨ | ᠬᠤᠭᠤᠴᠠᠭᠠᠨ ᠳᠤ ᠰᠠᠨᠠᠭᠠᠴᠢᠯᠠᠭ᠎ᠠ ᠠᠴᠠ ᠪᠠᠨ ᠪᠤᠴᠠᠨ ᠭᠠᠷᠬᠤ ᠭᠤᠶᠤᠴᠢᠯᠠᠯ ᠳᠤᠷᠠᠳᠤᠭᠰᠠᠨ ᠠᠴᠠ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ | ᠬᠤᠳᠠᠯᠳᠤᠨ ᠠᠪᠬᠤ ᠪᠠᠷ ᠭᠤᠶᠤᠴᠢᠯᠠᠬᠤ ᠨᠥᠬᠦᠴᠡᠯ ᠳᠤ ᠦᠯᠦ ᠨᠡᠶᠢᠴᠡᠬᠦ ᠪᠤᠰᠤᠳ ᠪᠠᠶᠢᠳᠠᠯ᠃ | ᠭᠤᠴᠢᠨ ᠬᠤᠶᠠᠳᠤᠭᠠᠷ ᠵᠦᠢᠯ ᠭᠤᠶᠤᠴᠢᠯᠠᠭᠴᠢ ᠠᠴᠠ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ | ᠭᠡᠷ ᠰᠣᠩᠭᠤᠬᠤ ᠨᠡᠷᠡᠰ ᠤᠨ ᠵᠢᠭᠰᠠᠭᠠᠯᠲᠠ ᠳᠤ ᠣᠷᠣᠵᠤ᠂ ᠭᠡᠪᠡᠴᠦ ᠭᠡᠷ ᠰᠣᠩᠭᠤᠬᠤ ᠳᠤ ᠣᠷᠣᠯᠴᠠᠬᠤ ᠦᠭᠡᠶ ᠪᠣᠯ᠂ | ᠲᠣᠭᠤᠷᠢᠭ ᠤᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ | ᠲᠡᠭᠦᠨ ᠤ ᠬᠤᠳᠠᠯᠳᠤᠨ ᠠᠪᠬᠤ ᠶᠢ ᠵᠥᠪᠰᠢᠶᠡᠷᠡᠬᠦ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ᠃ ᠲᠤᠰ | ᠭᠤᠶᠤᠴᠢᠯᠠᠭᠴᠢ ᠨᠢᠭᠡ ᠵᠢᠯ ᠤᠨ ᠳᠣᠲᠣᠷ᠎ᠠ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ | ᠣᠷᠣᠨ ᠰᠠᠭᠤᠴᠠ ᠬᠤᠳᠠᠯᠳᠤᠨ ᠠᠪᠬᠤ ᠪᠠᠷ ᠳᠠᠬᠢᠨᠲᠠ ᠭᠤᠶᠤᠴᠢᠯᠠᠵᠤ ᠪᠣᠯᠬᠤ ᠦᠭᠡᠶ᠃ | ᠶᠢᠰᠦᠳᠦᠭᠡᠷ ᠪᠦᠯᠦᠭ ᠲᠣᠬᠢᠷᠠᠭᠤᠯᠤᠭᠰᠠᠨ ᠤ ᠳᠠᠷᠠᠭᠠᠬᠢ ᠬᠠᠮᠢᠶᠠᠷᠤᠯᠲᠠ | ᠭᠤᠴᠢᠨ ᠭᠤᠷᠪᠠᠳᠤᠭᠠᠷ ᠵᠦᠢᠯ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢᠨ ᠠᠳᠠᠯ | ᠠᠬᠤᠶ ᠶᠢᠨ ᠦᠢᠯᠡᠴᠢᠯᠡᠭᠡᠨ ᠳᠤ ᠵᠠᠬ᠎ᠠ ᠳᠡᠯᠭᠡᠭᠦᠷᠴᠢᠯᠡᠭᠰᠡᠨ᠂ ᠲᠤᠰᠬᠠᠶᠢᠵᠢᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ | ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠠᠴᠠ ᠠᠳᠠᠯ ᠠᠬᠤᠶ ᠶᠢᠨ ᠦᠢᠯᠡᠴᠢᠯᠡᠭᠡᠨ ᠤ ᠠᠵᠤ | ᠠᠬᠤᠶᠢᠯᠠᠯ ᠯᠤᠭ᠎ᠠ ︽ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ︾ ᠲᠣᠭᠲᠠᠨ᠎ᠠ᠃ | ᠭᠤᠴᠢᠨ ᠳᠥᠷᠪᠡᠳᠦᠭᠡᠷ ᠵᠦᠢᠯ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠲᠦᠭᠡᠭᠡᠨ ᠬᠤᠳᠠᠯᠳᠤᠬᠤ | ᠬᠡᠯᠪᠡᠷᠢ ᠶᠢᠨ ᠣᠷᠣᠨ ᠰᠠᠭᠤᠴᠠ ᠶᠢ ᠪᠦᠲᠦᠭᠡᠨ ᠪᠠᠶᠢᠭᠤᠯᠬᠤ᠂ ᠲᠦᠭᠡᠭᠡᠨ ᠬᠤᠳᠠᠯᠳᠤᠬᠤ᠂ ᠡᠭᠡᠭᠦᠯᠦᠨ ᠬᠤᠳᠠᠯᠳᠤᠨ | ᠠᠪᠬᠤ ᠵᠢᠴᠢ ᠬᠠᠮᠢᠶᠠᠷᠬᠤ ᠠᠵᠢᠯ ᠢ ᠰᠠᠶᠢᠲᠤᠷ ᠬᠢᠵᠦ᠂ ᠪᠠᠲᠤᠯᠠᠭ᠎ᠠ ᠶᠢᠨ ᠡᠲᠡᠭᠡᠳ ᠲᠤ ᠨᠢᠭᠡ ᠭᠡᠷ ᠨᠢᠭᠡ ᠳᠠᠩᠰᠠ | ᠡᠪᠬᠡᠮᠡᠯ ᠲᠠᠢ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ | ᠠᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠭᠤᠴᠢᠨ ᠲᠠᠪᠤᠳᠤᠭᠠᠷ ᠵᠦᠢᠯ ᠲᠣᠰ ᠠᠷᠭ᠎ᠠ ᠶᠢ ᠬᠡᠷᠡᠭᠵᠢᠭᠦᠯᠬᠦ ᠳᠤᠮᠳᠠᠬᠢ ᠪᠣᠳᠠᠲᠠᠶ ᠠᠰᠠᠭᠤᠳᠠᠯ ᠢ ᠦᠬᠠᠶ | ᠬᠤᠲᠠ ᠶᠢᠨ ᠬᠠᠶᠢᠨᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ | ᠭᠤᠴᠢᠨ ᠵᠢᠷᠭᠤᠳᠤᠭᠠᠷ ᠵᠦᠢᠯ ᠲᠣᠰ ᠠᠷᠭ᠎ᠠ ᠶᠢ 2025 ᠣᠨ ᠤ 4 ᠳ᠋ᠤᠭᠡᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠤ ᠠᠯᠪᠠᠨ ᠭᠡᠷ | 2025 ᠣᠨ ᠤ 3 ᠰᠠᠷ᠎ᠠ ᠶᠢᠨ 27 ᠤ ᠡᠳᠦᠷ |