ᠦᠰᠦᠭᠲᠦ ᠲᠠᠶᠢᠯᠤᠮᠵᠢ᠄ ︽ᠬᠠᠶᠢᠨᠠᠨ ᠲᠣᠭᠤᠷᠢᠭ ᠤᠨ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ ︶︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/4/3
      ᠮᠠᠨ ᠤ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠳᠦᠷᠢᠮ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠯᠭ᠎ᠠ ᠪᠠᠭᠠᠲᠠᠶ ᠨᠡᠶᠢᠲᠡ ᠴᠣᠭᠴᠠ ᠪᠣᠯᠤᠨ ᠮᠠᠨ ᠤ  ᠲᠣᠭᠤᠷᠢᠭ ᠤᠨ ᠣᠷᠣᠨ ᠰᠠᠭᠤᠴᠠ ᠨᠢ ᠬᠦᠴᠢᠷᠳᠡᠯ ᠲᠠᠢ ᠮᠥᠷᠲᠡᠭᠡᠨ ᠣᠷᠣᠯᠭ᠎ᠠ ᠨᠢ ᠥᠨᠳᠥᠷ ᠪᠤᠰᠤ ᠴᠠᠯᠢᠩ ᠤᠨ ᠣᠷᠣᠯᠭ᠎ᠠ ᠲᠠᠢ ᠬᠥᠮᠦᠰ ᠤᠨ ᠣᠷᠣᠨ ᠰᠠᠭᠤᠴᠠ ᠶᠢᠨ ᠬᠦᠴᠢᠷᠳᠡᠯ ᠢ ᠲᠦᠷᠭᠡᠳᠬᠡᠨ ᠰᠢᠶ᠋ᠳᠪᠦᠷᠢᠯᠡᠬᠦ ᠶᠢᠨ ᠲᠤᠰᠠᠳᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠬᠦ ᠶᠢᠨ ᠬᠠᠮᠲᠤ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ︽ᠬᠠᠶᠢᠨᠠᠨ ᠲᠣᠭᠤᠷᠢᠭ ᠤᠨ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠪᠠ᠃      ᠬᠤᠶᠠᠷ᠂ ᠲᠣᠭᠲᠠᠭᠠᠭᠰᠠᠨ ᠦᠨᠳᠦᠰᠦᠯᠡᠯ      ︽ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ︹2020︺ 14 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ︽ᠬᠠᠶᠢᠨᠠᠨ ᠲᠣᠭᠤᠷᠢᠭ ᠤᠨ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠪᠠ᠃      ᠭᠤᠷᠪᠠ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ      ︵ᠨᠢᠭᠡ︶ ᠶᠠᠭᠤ ᠶᠢ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠭᠡᠬᠦ ᠪᠣᠢ︖      ᠲᠣᠬᠢᠷᠠᠭᠤᠯᠤᠨ ᠪᠣᠷᠣᠯᠠᠭᠤᠯᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠭᠡᠳᠡᠭ ᠨᠢ ᠵᠠᠰᠠᠭ ᠤᠨ ᠣᠷᠳᠣᠨ ᠠᠴᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠬᠤ ᠶᠢ ᠵᠢᠭᠠᠵᠤ ᠪᠤᠶ᠂ ᠭᠤᠤᠯᠳᠠᠭᠤ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠮᠠᠶ᠋ᠢᠭ ᠢ ᠠᠪᠴᠤ ᠪᠠᠶᠢᠭᠠᠳ ᠬᠤᠳᠠᠯᠳᠤᠨ ᠠᠪᠴᠤ᠂ ᠢᠵᠢ ᠬᠡᠯᠪᠡᠷᠢ ᠶᠢᠨ᠂ ᠲᠠᠯᠠᠪᠠᠶ᠂ ᠪᠣᠷᠣᠯᠠᠭᠤᠯᠬᠤ ᠦᠨ᠎ᠡ ᠬᠠᠩᠰᠢ ᠶᠢ ᠬᠢᠵᠠᠭᠠᠷᠯᠠᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠶ ᠪᠥᠭᠡᠳ ᠣᠷᠣᠨ ᠰᠠᠭᠤᠴᠠ ᠪᠠᠷ ᠬᠦᠴᠢᠷᠳᠡᠯᠲᠡᠶ ᠭᠡᠷ ᠪᠦᠯᠢ ᠶᠢᠨ ᠨᠡᠶᠢᠲᠡ ᠴᠣᠭᠴᠠ ᠳᠤ ᠬᠠᠨᠳᠤᠭᠤᠯᠤᠭᠰᠠᠨ ᠪᠥᠭᠡᠳ ᠪᠢᠲᠡᠭᠦᠮᠵᠢᠯᠡᠨ ᠬᠠᠮᠢᠶᠠᠷᠴᠤ ᠪᠠᠶᠢᠭ᠎ᠠ ᠲᠥᠷᠥ ᠶᠢᠨ ᠪᠣᠳᠣᠯᠭ᠎ᠠ ᠶᠢᠨ ᠴᠢᠨᠠᠷᠲᠠᠶ ᠣᠷᠣᠨ ᠰᠠᠭᠤᠴᠠ ᠶᠢ ᠵᠢᠭᠠᠵᠤ ᠪᠤᠶ᠃      ︵ᠬᠤᠶᠠᠷ︶ ᠶᠠᠮᠠᠷ ᠶᠠᠮᠠᠷ ᠬᠥᠮᠥᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠭᠤᠶᠤᠴᠢᠯᠠᠵᠤ ᠪᠣᠯᠬᠤ ᠪᠤᠢ︖      ᠲᠣᠬᠢᠷᠠᠭᠤᠯᠤᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠨᠢ ᠭᠤᠤᠯᠳᠠᠭᠤ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠶ ᠪᠥᠭᠡᠳ ᠣᠷᠣᠨ ᠰᠠᠭᠤᠴᠠ ᠪᠠᠷ ᠬᠦᠴᠢᠷᠳᠡᠯᠲᠡᠶ ᠭᠡᠷ ᠪᠦᠯᠢ ᠶᠢᠨ ᠨᠡᠶᠢᠲᠡ ᠴᠣᠭᠴᠠ᠂ ᠮᠠᠨ ᠤ ᠲᠣᠭᠤᠷᠢᠭ ᠤᠨ ᠣᠷᠣᠨ ᠰᠠᠭᠤᠴᠠ ᠨᠢ ᠬᠦᠴᠢᠷᠳᠡᠯᠲᠡᠶ ᠪᠥᠭᠡᠳ ᠣᠷᠣᠯᠭ᠎ᠠ ᠨᠢ ᠥᠨᠳᠥᠷ ᠪᠤᠰᠤ ᠴᠠᠯᠢᠩ ᠤᠨ ᠣᠷᠣᠯᠭ᠎ᠠ ᠲᠠᠢ ᠬᠠᠮᠲᠤᠯᠢᠭ ᠵᠢᠴᠢ ᠮᠠᠨ ᠤ ᠲᠣᠭᠤᠷᠢᠭ ᠤᠨ ᠬᠡᠷᠡᠭᠰᠡᠬᠦ ᠴᠢᠳᠠᠪᠤᠷᠢᠲᠠᠨ ᠵᠡᠷᠭᠡ ᠬᠠᠮᠲᠤᠯᠢᠭ ᠲᠤ ᠬᠠᠨᠳᠤᠭᠤᠯᠤᠨ᠎ᠠ᠃      ︵ᠭᠤᠷᠪᠠ︶ ᠲᠣᠬᠢᠷᠠᠭᠤᠯᠤᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠭᠤᠶᠤᠴᠢᠯᠠᠬᠤ ᠨᠥᠬᠦᠴᠡᠯ ᠨᠢ ᠶᠠᠭᠤ ᠪᠣᠢ︖      ᠭᠤᠶᠤᠴᠢᠯᠠᠭᠰᠠᠨ ᠭᠡᠷ ᠪᠦᠯᠢ ᠨᠢ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄      ︵1︶ ᠬᠠᠶᠢᠨᠠᠨ ᠲᠣᠭᠤᠷᠢᠭ ᠤᠨ ᠡᠷᠦᠬᠡ ᠠᠮᠠ ᠲᠠᠢ ᠪᠥᠭᠡᠳ ᠲᠤᠬᠠᠶ ᠶᠢᠨ ᠭᠠᠵᠠᠷ ᠲᠤ ᠪᠣᠳᠠᠲᠠᠶ ᠰᠠᠭᠤᠵᠤ ᠪᠠᠶᠢᠨ᠎ᠠ︔      ︵2︶ ᠭᠤᠶᠤᠴᠢᠯᠠᠭᠰᠠᠨ ᠭᠡᠷ ᠪᠦᠯᠢ ᠶᠢᠨ ᠪᠦᠷᠢᠯᠳᠦᠬᠦᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ᠂ ᠤᠳᠠ ᠲᠣᠭᠤᠷᠢᠭ᠂ ᠬᠠᠶᠢᠨᠠᠨ ᠲᠣᠭᠤᠷᠢᠭ ᠤᠨ ᠳᠣᠲᠣᠷ᠎ᠠ ᠥᠪᠡᠷ ᠤᠨ ᠣᠷᠣᠨ ᠰᠠᠭᠤᠴᠠ ᠦᠭᠡᠢ ᠪᠤᠶᠤ ᠬᠥᠮᠦᠨ ᠳᠤᠮᠳᠠᠴᠢ ᠶᠢᠨ ᠥᠪᠡᠷ ᠤᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠢ 15 ᠲᠡᠭᠰᠢ ᠳᠥᠷᠪᠡᠯᠵᠢᠨ ᠮᠧᠳ᠋ᠷ ᠬᠦᠷᠬᠦ ᠦᠭᠡᠢ᠃      ︵ᠲᠦᠷᠪᠡ︶ ᠪᠠᠲᠤᠯᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠲᠠᠯᠠᠪᠠᠢ ᠨᠢ ᠬᠡᠳᠦᠢ ᠶᠡᠭᠡ ᠪᠤᠢ︖      ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠭᠠᠭᠴᠠ ᠢᠵᠢ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠢ ᠶᠢ 60-100 ᠲᠡᠭᠰᠢ ᠳᠥᠷᠪᠡᠯᠵᠢᠨ ᠮᠧᠳ᠋ᠷ ᠢᠶᠠᠷ ᠬᠢᠵᠠᠭᠠᠷᠯᠠᠨ᠎ᠠ᠃ ᠪᠦᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠬᠠᠨᠳᠤᠰᠢ ᠬᠢᠭᠡᠳ ᠠᠳᠠᠯᠢ ᠪᠤᠰᠤ ᠨᠡᠶᠢᠲᠡ ᠴᠣᠭᠴᠠ ᠶᠢᠨ ᠪᠠᠲᠤᠯᠠᠭ᠎ᠠ ᠶᠢᠨ ᠡᠲᠡᠭᠡᠳ ᠤᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ ᠵᠦᠢᠯ ᠢ ᠦᠨᠳᠦᠰᠦᠯᠡᠨ᠂ ᠲᠣᠬᠢᠷᠠᠭᠤᠯᠤᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢᠨ ᠭᠠᠭᠴᠠ ᠢᠵᠢ ᠪᠠᠷᠢᠯᠭ᠎ᠠ ᠶᠢᠨ ᠲᠠᠯᠠᠪᠠᠶ ᠶᠢ ᠵᠣᠬᠢᠰᠲᠠᠶ ᠲᠣᠬᠢᠷᠠᠭᠤᠯᠵᠤ ᠪᠣᠯᠤᠨ᠎ᠠ᠃      ︵ᠲᠠᠪᠤ︶ ᠲᠣᠬᠢᠷᠠᠭᠤᠯᠤᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠣᠳᠠᠲᠠᠢ ᠲᠦᠭᠡᠭᠡᠨ ᠬᠤᠳᠠᠯᠳᠤᠬᠤ ᠶᠠᠪᠤᠴᠠ ᠨᠢ ᠶᠠᠭᠤ ᠪᠣᠢ︖    ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢ ᠲᠤᠬᠢᠷᠠᠭᠤᠯᠤᠨ ᠬᠤᠳᠠᠯᠳᠤᠬᠤ ᠶᠢ ︽ᠨᠢᠭᠡ ᠲᠦᠷᠦᠯ ᠵᠦᠢᠯ ᠢ ᠨᠢᠭᠡ ᠳᠠᠩᠰᠠᠯᠠᠭᠤᠯᠪᠠᠯ ᠨᠢᠭᠡ ᠬᠠᠩᠭᠠᠬᠤ︾ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠲᠦᠭᠡᠭᠡᠨ ᠬᠤᠳᠠᠯᠳᠤᠬᠤ ᠠᠷᠭ᠎ᠠ ᠮᠠᠶ᠋ᠢᠭ ᠨᠢ ᠲᠥᠷᠥᠯ ᠵᠦᠢᠯ ᠤᠨ ᠪᠠᠶᠢᠳᠠᠯ ᠲᠠᠢ ᠤᠶᠠᠯᠳᠤᠭᠤᠯᠤᠨ᠂ ᠰᠦᠯᠵᠢᠶᠡᠨ ᠳᠡᠭᠡᠷ᠎ᠡ ᠲᠦᠭᠡᠭᠡᠨ ᠬᠤᠳᠠᠯᠳᠤᠬᠤ ᠪᠤᠶᠤ ᠰᠦᠯᠵᠢᠶᠡᠨ ᠭᠠᠳᠠᠨ᠎ᠠ ᠲᠦᠭᠡᠭᠡᠨ ᠬᠤᠳᠠᠯᠳᠤᠬᠤ ᠶᠢ ᠬᠡᠷᠡᠭᠵᠢᠭᠦᠯᠦᠨ᠎ᠡ᠃      ︵1︶ ᠠᠯᠪᠠᠨ ᠵᠠᠷ ᠨᠡᠶᠢᠲᠡᠯᠡᠵᠦ᠃ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠠᠴᠠ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠣᠷᠣᠨ ᠰᠠᠭᠤᠴᠠ ᠶᠢ ᠬᠤᠳᠠᠯᠳᠤᠬᠤ ᠲᠥᠰᠦᠯ ᠢ ᠭᠠᠳᠠᠭᠱᠢ ᠨᠡᠢᠲᠡᠯᠡᠨ᠎ᠡ᠃ ᠡᠭᠦᠨ ᠳᠤ ᠲᠥᠷᠥᠯ ᠵᠦᠢᠯ ᠤᠨ ᠦᠨᠳᠦᠰᠦᠨ ᠪᠠᠶᠢᠳᠠᠯ᠂ ᠲᠦᠭᠡᠭᠡᠨ ᠬᠤᠳᠠᠯᠳᠤᠬᠤ ᠳᠤᠮᠳᠠᠴᠢ ᠦᠨ᠎ᠡ ᠵᠢᠴᠢ ᠳᠡᠩᠰᠡᠯᠡᠨ ᠲᠡᠮᠳᠡᠭᠯᠡᠬᠦ ᠴᠠᠭ᠂ ᠭᠠᠵᠠᠷ᠂ ᠠᠷᠭ᠎ᠠ ᠮᠠᠶ᠋ᠢᠭ ᠵᠡᠷᠭᠡ ᠪᠠᠭᠲᠠᠨ᠎ᠠ᠃      ︵2︶ ᠡᠷᠭᠦᠳᠡᠯ ᠭᠠᠷᠭᠠᠬᠤ ᠪᠠ ᠬᠦᠯᠢᠶᠡᠨ ᠠᠪᠬᠤ᠃ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠳᠤ ᠬᠤᠪᠢ ᠬᠥᠮᠦᠨ ᠭᠤᠶᠤᠴᠢᠯᠠᠨ ᠮᠡᠳᠡᠭᠦᠯᠬᠦ ᠳᠦᠷᠢᠮ ᠢ ᠬᠡᠷᠡᠭᠵᠢᠭᠦᠯᠬᠦ ᠬᠡᠷᠡᠭᠲᠡᠶ᠃ ᠨᠥᠬᠦᠴᠡᠯ ᠳᠤ ᠨᠡᠶᠢᠴᠡᠬᠦ ᠲᠦᠭᠡᠭᠡᠨ ᠬᠤᠳᠠᠯᠳᠤᠬᠤ ᠡᠲᠡᠭᠡᠳ ᠨᠢ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠳᠤ ᠭᠡᠷ ᠪᠠᠶᠢᠰᠢᠩ ᠬᠤᠳᠠᠯᠳᠤᠨ ᠠᠪᠬᠤ ᠭᠤᠶᠤᠴᠢᠯᠠᠯ ᠢᠶᠠᠨ ᠰᠢᠭᠤᠳ ᠳᠤᠷᠠᠳᠴᠤ ᠪᠣᠯᠬᠤ ᠪᠥᠭᠡᠳ ᠬᠤᠪᠢ ᠬᠥᠮᠦᠨ ᠤ ᠮᠡᠳᠡᠭᠦᠯᠦᠭᠰᠡᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ ᠪᠣᠯᠤᠨ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠶ ᠭᠡᠵᠦ ᠠᠮᠠᠯᠳᠠᠬᠤ ᠬᠡᠷᠡᠭᠲᠡᠶ᠃      ︵3︶ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠵᠢᠯᠴᠠᠨ᠂ ᠭᠤᠶᠤᠴᠢᠯᠠᠭᠴᠢ ᠶᠢᠨ ᠬᠢᠷᠢ ᠭᠡᠮ ᠢ ᠬᠠᠮᠲᠤᠷᠠᠨ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠬᠡᠷᠡᠭᠲᠡᠶ᠃ ᠬᠢᠨᠠᠨ ᠬᠠᠷᠭᠤᠭᠤᠯᠤᠭᠠᠳ ᠲᠦᠭᠡᠭᠡᠨ ᠬᠤᠳᠠᠯᠳᠤᠬᠤ ᠬᠢᠷᠢ ᠭᠡᠮ ᠢ ᠬᠠᠩᠭᠠᠬᠤ ᠳᠤ ᠨᠡᠶᠢᠴᠡᠪᠡᠯ᠂ ᠬᠠᠶᠢᠨᠠᠨ ᠲᠣᠭᠤᠷᠢᠭ ᠤᠨ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢᠨ ᠡᠭᠡᠯᠵᠢᠯᠡᠨ ᠬᠦᠯᠢᠶᠡᠬᠦ ᠬᠥᠮᠥᠷᠭᠡ ᠳᠤ ᠣᠷᠣᠭᠤᠯᠬᠤ ᠬᠡᠷᠡᠭᠲᠡᠶ︔ ᠲᠤᠬᠢᠷᠠᠭᠤᠯᠤᠨ ᠬᠤᠳᠠᠯᠳᠤᠬᠤ ᠬᠢᠷᠢ ᠬᠡᠮ ᠳᠤ ᠨᠡᠶᠢᠴᠡᠬᠦ ᠦᠭᠡᠶ ᠪᠣᠯ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ ᠪᠥᠭᠡᠳ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃      ︵4︶ ᠳᠠᠩᠰᠠᠯᠠᠨ ᠲᠡᠮᠳᠡᠭᠯᠡᠬᠦ ᠶᠢ ᠢᠯᠡ ᠨᠡᠶᠢᠲᠡᠯᠡᠬᠦ ᠬᠡᠷᠡᠭᠲᠡᠢ᠃ ᠬᠢᠨᠠᠨ ᠵᠥᠪᠰᠢᠶᠡᠷᠡᠬᠦ ᠪᠠᠷ ᠳᠠᠮᠵᠢᠨ ᠬᠢᠷᠢ ᠭᠡᠮ ᠣᠯᠤᠭᠰᠠᠨ ᠤ ᠳᠠᠷᠠᠭ᠎ᠠ᠂ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠠᠴᠠ ᠭᠠᠳᠠᠭᠰᠢ 7 ᠠᠵᠢᠯᠯᠠᠬᠤ ᠡᠳᠦᠷ ᠤᠨ ᠨᠡᠶᠢᠲᠡ ᠳᠤ ᠵᠠᠷᠯᠠᠵᠤ᠂ ᠨᠡᠶᠢᠲᠡ ᠳᠤ ᠵᠠᠷᠯᠠᠬᠤ ᠳᠤ ᠣᠨᠳᠣᠤ ᠰᠠᠨᠠᠯ ᠦᠭᠡᠶ ᠪᠣᠯ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠠᠴᠠ ᠭᠤᠶᠤᠴᠢᠯᠠᠭᠴᠢ ᠳᠤ ᠮᠡᠳᠡᠭᠳᠡᠵᠦ ᠬᠤᠳᠠᠯᠳᠤᠨ ᠠᠪᠬᠤ ᠪᠣᠯᠵᠣᠭᠠᠨ ᠤ ᠮᠥᠩᠭᠦ ᠲᠤᠰᠢᠶᠠᠯᠭᠠᠨ᠎ᠠ᠃ ᠵᠠᠬᠢᠶᠠᠯᠠᠭ᠎ᠠ ᠶᠢᠨ ᠮᠥᠩᠭᠦ ᠶᠢ ᠬᠤᠳᠠᠯᠳᠤᠨ ᠠᠪᠬᠤ ᠳᠤ ᠱᠢᠭᠤᠳ ᠭᠡᠷ ᠤᠨ ᠵᠣᠭᠤᠰ ᠢ ᠲᠤᠯᠭᠠᠨ ᠬᠠᠰᠤᠵᠤ ᠪᠣᠯᠤᠨ᠎ᠠ᠃      ︵5︶ ᠨᠣᠮᠧᠷ ᠣᠷᠬᠢᠵᠤ ᠭᠡᠷ ᠰᠣᠩᠬᠤᠨ᠎ᠠ᠃ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠨᠢ ᠪᠣᠳᠠᠲᠠᠶ ᠲᠠᠢ ᠪᠠᠨ ᠤᠶᠠᠯᠳᠤᠭᠤᠯᠤᠨ ᠳ᠋ᠤᠭᠠᠷᠯᠠᠵᠤ ᠬᠡᠷ ᠰᠣᠩᠭᠤᠬᠤ ᠲᠦᠷᠢᠮ ᠢ ᠲᠣᠭᠲᠠᠭᠠᠵᠤ ᠳ᠋ᠤᠭᠠᠷᠯᠠᠨ ᠭᠡᠷ ᠰᠣᠩᠭᠤᠪᠠ᠃      ︵6︶ ᠬᠤᠳᠠᠯᠳᠤᠨ᠎ᠠ᠃ ᠲᠥᠷᠥᠯ ᠵᠦᠢᠯ ᠤᠨ ᠬᠠᠮᠢᠶᠠᠷᠤᠯᠲᠠ ᠶᠢᠨ ᠨᠢᠭᠡᠴᠡ ᠪᠣᠯᠤᠨ ᠲᠦᠭᠡᠭᠡᠨ ᠬᠤᠳᠠᠯᠳᠤᠬᠤ ᠡᠲᠡᠭᠡᠳ ︽ᠬᠠᠶᠢᠨᠠᠨ ᠲᠣᠭᠤᠷᠢᠭ ᠤᠨ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠮᠠᠶᠢᠮᠠᠶ ᠶᠢᠨ ᠭᠡᠷ᠎ᠡ︾ ᠲᠣᠭᠲᠠᠵᠤ᠂ ᠬᠡᠷ ᠪᠠᠶᠢᠰᠢᠩ ᠤᠨ ᠵᠣᠭᠤᠰ ᠢ ᠳ᠋ᠦᠩᠨᠡᠨ ᠪᠣᠳᠣᠵᠤ᠂ ᠬᠡᠷ ᠲᠤᠰᠢᠶᠠᠬᠤ ᠭᠠᠷᠳᠠᠮ ᠢ ᠬᠦᠢᠴᠡᠳᠬᠡᠨ᠎ᠡ᠃      ︵ᠵᠢᠷᠭᠤᠭ᠎ᠠ︶ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠪᠤᠷᠢ ᠶᠢᠨ ᠴᠢᠨᠠᠷᠲᠠᠢ ᠣᠷᠣᠨ ᠰᠠᠭᠤᠴᠠ ᠶᠢᠨ ᠲᠥᠭᠡᠭᠡᠨ ᠬᠤᠳᠠᠯᠳᠤᠬᠤ ᠦᠨ᠎ᠡ ᠨᠢ ᠬᠡᠳᠦᠢ ᠪᠤᠢ︖      ᠪᠡᠯᠡᠳᠬᠡᠨ ᠪᠠᠶᠢᠭᠤᠯᠵᠤ ᠪᠠᠶᠢᠭ᠎ᠠ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ  ᠶᠢᠨ ᠲᠦᠭᠡᠭᠡᠨ ᠬᠤᠳᠠᠯᠳᠤᠬᠤ ᠦᠨ᠎ᠡ ᠬᠠᠩᠰᠢ ᠨᠢ ᠭᠤᠤᠯᠳᠠᠭᠤ ᠭᠠᠵᠠᠷ ᠰᠢᠷᠣᠶ ᠶᠢᠨ ᠥᠪᠡᠷ ᠤᠨ ᠥᠷᠲᠡᠭ᠂ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠥᠪᠡᠷ ᠤᠨ ᠥᠷᠲᠡᠭ᠂ 5% ᠶᠢ ᠳᠠᠪᠠᠭᠤᠯᠬᠤ ᠦᠭᠡᠶ ᠠᠰᠢᠭ ᠬᠤᠨᠵᠢᠪᠣᠷᠢ ᠵᠡᠷᠭᠡ ᠬᠠᠮᠢᠶ᠎ᠠ ᠪᠦᠬᠦᠢ ᠥᠪᠡᠷ ᠤᠨ ᠥᠷᠲᠡᠭ ᠢᠶᠠᠷ ᠪᠦᠷᠢᠯᠳᠦᠵᠦ᠂ ᠲᠦᠭᠡᠭᠡᠨ ᠬᠤᠳᠠᠯᠳᠤᠬᠤ ᠦᠨ᠎ᠡ ᠬᠠᠩᠰᠢ ᠶᠢ ᠲᠣᠭᠲᠠᠭᠠᠵᠤ᠂ ᠨᠡᠶᠢᠭᠡᠮ ᠳᠤ ᠨᠡᠶᠢᠲᠡᠯᠡᠵᠦ᠂ ᠲᠦᠭᠡᠭᠡᠨ ᠬᠤᠳᠠᠯᠳᠤᠬᠤ ᠦᠨ᠎ᠡ ᠬᠠᠩᠰᠢ ᠶᠢ ᠵᠠᠰᠠᠭ ᠤᠨ ᠣᠷᠳᠣᠨ ᠠᠴᠠ ᠬᠢᠨᠠᠨ ᠲᠣᠭᠲᠠᠭᠠᠬᠤ ᠪᠠᠷ ᠪᠠᠷᠢᠮᠵᠢᠶ᠎ᠠ ᠪᠣᠯᠭᠠᠨ᠎ᠠ᠃      ︵ᠳᠤᠯᠤᠭ᠎ᠠ︶ ᠬᠤᠪᠢᠶᠠᠷᠢᠯᠠᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠬᠡᠷᠬᠢᠨ ᠬᠢᠨᠠᠵᠤ ᠬᠠᠮᠢᠶᠠᠷᠬᠤ ᠪᠤᠢ︖      ᠭᠡᠷ ᠪᠠᠶᠢᠰᠢᠩ ᠬᠤᠳᠠᠯᠳᠣᠨ ᠠᠪᠤᠠᠠᠴᠢ ᠳᠤ ᠲᠣᠣᠷᠡᠬᠢ ᠪᠠᠶᠢᠳᠡᠯ ᠤᠨ ᠨᠢᠭᠡ ᠨᠢ ᠪᠠᠶᠢᠪᠠᠯ᠂ ᠭᠡᠷ ᠪᠠᠶᠢᠰᠢᠩ ᠬᠤᠪᠢᠶᠡᠨ ᠬᠤᠳᠠᠯᠳᠣᠬᠤ ᠠᠴᠠ ᠭᠠᠷᠣᠭᠰᠠᠨ ᠢᠶᠠᠷ ᠦᠵᠡᠨ᠎ᠠ᠄      ︵1︶ 2 ᠵᠢᠯ ᠤᠨ ᠳᠣᠲᠣᠷ᠎ᠠ ᠭᠡᠷ ᠪᠠᠶᠢᠰᠢᠩ ᠬᠤᠳᠠᠯᠳᠤᠨ ᠠᠪᠬᠤ ᠭᠡᠷ᠎ᠡ ᠲᠣᠭᠲᠠᠭᠰᠠᠨ ᠦᠭᠡᠢ᠂ ᠭᠡᠷ ᠪᠠᠶᠢᠰᠢᠩ ᠬᠤᠳᠠᠯᠳᠤᠨ ᠠᠪᠬᠤ ᠵᠣᠭᠤᠰ ᠢᠶᠠᠨ ᠲᠤᠰᠢᠶᠠᠭᠰᠠᠨ ᠦᠭᠡᠢ︔      ︵2︶ ᠮᠡᠬᠡᠯᠡᠬᠦ᠂ ᠬᠤᠳᠠᠯ ᠬᠡᠯᠡᠵᠦ ᠬᠠᠭᠤᠷᠮᠠᠭ ᠢᠶᠠᠷ ᠦᠢᠯᠡᠳ᠋ᠬᠦ ᠵᠡᠷᠭᠡ ᠲᠥᠪ ᠪᠣᠰᠤ ᠠᠷᠭ᠎ᠠ ᠪᠠᠷᠢᠯ ᠢᠶᠠᠷ᠂ ᠲᠥᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠣᠯᠣᠭᠰᠠᠨ ᠪᠠᠶᠢᠪᠠᠯ︔      ︵3︶ ᠭᠡᠷ ᠪᠠᠶᠢᠰᠢᠩ ᠢ ᠬᠠᠤᠯᠢ ᠴᠠᠭᠠᠵᠠ ᠪᠠᠷ ᠰᠢᠢᠳᠪᠦᠷᠢᠯᠡᠭᠰᠡᠨ᠃      ︵4︶ ᠭᠡᠷ ᠬᠤᠳᠠᠯᠳᠤᠨ ᠠᠪᠤᠭᠴᠢ ᠭᠡᠷ ᠪᠠᠶᠢᠰᠢᠩ ᠤᠨ ᠪᠦᠲᠦᠴᠡ ᠶᠢ ᠡᠪᠳᠡᠵᠦ᠂ ᠰᠡᠯᠪᠢᠨ ᠵᠠᠰᠠᠵᠤ ᠰᠡᠷᠭᠦᠭᠡᠬᠦ ᠶᠢ ᠲᠡᠪᠴᠢᠭᠰᠡᠨ︔      ︵5︶ ᠭᠡᠷ ᠬᠤᠳᠠᠯᠳᠤᠨ ᠠᠪᠤᠭᠴᠢ ᠨᠢ ᠲᠦᠭᠡᠭᠡᠨ ᠬᠤᠳᠠᠯᠳᠤᠬᠤ ᠬᠡᠯᠪᠡᠷᠢ ᠶᠢᠨ ᠣᠷᠣᠨ ᠰᠠᠭᠤᠴᠠ ᠶᠢᠨ ᠬᠤᠭᠤᠴᠠᠭᠠᠨ ᠳᠤ ᠰᠠᠨᠠᠭᠠᠴᠢᠯᠠᠭ᠎ᠠ ᠠᠴᠠ ᠪᠠᠨ ᠪᠤᠴᠠᠨ ᠭᠠᠷᠬᠤ ᠭᠤᠶᠤᠴᠢᠯᠠᠯ ᠳᠤᠷᠠᠳᠤᠭᠰᠠᠨ ᠠᠴᠠ︔      ︵6︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠬᠤᠳᠠᠯᠳᠤᠨ ᠠᠪᠬᠤ ᠪᠠᠷ ᠭᠤᠶᠤᠴᠢᠯᠠᠬᠤ ᠨᠥᠬᠦᠴᠡᠯ ᠳᠤ ᠦᠯᠦ ᠨᠡᠶᠢᠴᠡᠬᠦ ᠪᠤᠰᠤᠳ ᠪᠠᠶᠢᠳᠠᠯ᠃      ᠭᠤᠶᠤᠴᠢᠯᠠᠭᠴᠢ ᠠᠴᠠ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠱᠠᠩᠨᠠᠯ ᠰᠢᠯᠢᠵᠦ ᠥᠭᠬᠦ ᠨᠡᠷᠡᠰ ᠲᠤ ᠤᠷᠤᠭᠰᠠᠨ ᠪᠣᠯᠪᠠᠴᠤ ᠭᠡᠷ ᠰᠣᠩᠭᠤᠨ ᠬᠤᠳᠠᠯᠳᠤᠬᠤ ᠳᠤ ᠣᠷᠣᠯᠴᠠᠬᠤ ᠦᠭᠡᠶ ᠪᠣᠯ᠂ ᠲᠣᠭᠤᠷᠢᠭ ᠤᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠲᠡᠭᠦᠨ ᠤ ᠬᠤᠳᠠᠯᠳᠤᠨ ᠠᠪᠬᠤ ᠶᠢ ᠵᠥᠪᠰᠢᠶᠡᠷᠡᠬᠦ ᠬᠢᠷᠢ ᠭᠡᠮ ᠢ ᠨᠢ ᠬᠦᠴᠦᠨ ᠦᠭᠡᠶ ᠪᠣᠯᠭᠠᠨ᠎ᠠ᠃ ᠲᠤᠰ ᠭᠤᠶᠤᠴᠢᠯᠠᠭᠴᠢ ᠨᠢᠭᠡ ᠵᠢᠯ ᠤᠨ ᠳᠣᠲᠣᠷ᠎ᠠ ᠲᠦᠭᠡᠭᠡᠨ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠬᠤᠳᠠᠯᠳᠤᠨ ᠠᠪᠬᠤ ᠪᠠᠷ ᠳᠠᠬᠢᠨᠲᠠ ᠭᠤᠶᠤᠴᠢᠯᠠᠵᠤ ᠪᠣᠯᠬᠤ ᠦᠭᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号