4 ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠴᠦᠨ ᠯᠸᠢ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ 4 ᠳ᠋ᠤᠭᠡᠷ ᠤᠳᠠᠭ᠎ᠠ ᠶᠢᠨ | ︵ᠥᠷᠭᠡᠳᠬᠡᠭᠰᠡᠨ︶ ᠬᠤᠷᠠᠯ ᠵᠢᠴᠢ 2025 ᠣᠨ ᠤ 4 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠳᠤ ᠭᠦᠢᠵᠧᠦ ᠪᠣᠯᠤᠨ | ᠶᠦᠨᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠦᠨᠡᠨ ᠰᠡᠳᠬᠦᠯ ᠳᠤ ᠨᠡᠶᠢᠲᠡᠯᠡᠭᠰᠡᠨ ︽︿ᠬᠤᠶᠠᠷ ᠢ ᠭᠤᠶᠢᠪᠢᠰᠢ ᠥᠬᠡᠶ﹀ ᠶᠢ ᠪᠠᠷᠢᠮᠲᠠᠯᠠᠨ | ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠬᠤᠶᠠᠷ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠪᠥᠬᠦ | ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠮᠠᠨ ᠤ ᠲᠤᠭᠤᠷᠢᠭ ᠤᠨ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ | ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ | ᠮᠠᠭᠠᠳᠯᠠᠯᠲᠠ ᠶᠢ ᠪᠦᠬᠦ ᠲᠠᠯ᠎ᠠ ᠪᠠᠷ᠂ ᠰᠢᠰᠲ᠋ᠧᠮ ᠲᠠᠢ ᠡᠮᠬᠢᠯᠡᠵᠦ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠶᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠰᠠᠶᠢᠲᠤᠷ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ | ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠵᠢᠴᠢ ᠬᠤᠳᠠ ᠶᠢᠨ ᠨᠠᠮ ᠤᠨ ᠬᠤᠷᠢᠶᠠᠨ ᠤ ᠳᠤᠷᠠᠳᠤᠭᠰᠠᠨ ︽ᠠᠷᠪᠠᠨ | ᠵᠦᠢᠯ ᠤᠨ ᠭᠤᠣᠯᠳᠠᠯᠭ᠎ᠠ ᠲᠠᠢ ᠠᠵᠢᠯ︾ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠶᠢᠨ | ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠪᠦᠲᠦᠮᠵᠢᠲᠡᠢ ᠪᠡᠯᠡ | ᠣᠷᠣᠭᠤᠯᠤᠯᠲᠠ ᠶᠢ ᠢᠳᠡᠪᠬᠢᠲᠡᠢ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠨᠠᠷᠢᠯᠢᠭ | ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ ᠪᠠᠰᠠ 2025 ᠣᠨ ᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ | ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠠᠰᠤ ᠴᠢᠨᠠᠷ ᠢ | ᠦᠨᠡᠨ ᠬᠦ ᠳᠡᠭᠡᠭᠰᠢᠯᠡᠭᠦᠯᠵᠦ᠂ ᠲᠥᠯᠥᠭᠡᠯᠡᠭᠴᠢ ᠭᠡᠰᠢᠭᠦᠳ ᠤᠨ ᠵᠦᠶ ᠵᠣᠬᠢᠰᠲᠠᠶ ᠰᠠᠨᠠᠭᠤᠯᠭ᠎ᠠ ᠶᠢ ᠣᠳᠣᠬᠠᠨ ᠤ | ᠨᠡᠶᠢᠭᠡᠮ ᠤᠨ ᠬᠦᠰᠡᠯ ᠡᠷᠡᠮᠡᠯᠵᠡᠯ᠂ ᠥᠭᠡᠷᠡᠴᠢᠯᠡᠯᠲᠡ ᠬᠥᠭᠵᠢᠯᠲᠡ ᠳᠤ ᠪᠠᠴᠢᠮ ᠱᠠᠭᠠᠷᠳᠠᠭᠳᠠᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠰᠢᠢᠳᠪᠦᠷᠢᠯᠡᠬᠦ ᠦᠢᠯᠡᠳᠦᠯ ᠢ ᠬᠠᠮᠤᠭ ᠤᠨ ᠶᠡᠭᠡ | ᠬᠡᠮᠵᠢᠶ᠎ᠡ ᠪᠠᠷ ᠶᠡᠬᠡᠰᠬᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ︽ᠳᠥᠷᠪᠡᠨ ᠨᠢᠭᠡ︾ ᠶᠢᠨ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ︽ᠲᠠᠪᠤᠨ ᠶᠡᠭᠡ ᠡᠭᠦᠷᠭᠡ︾ ᠶᠢᠨ 2025 ᠣᠨ ᠤ ᠭᠤᠤᠯᠳᠠᠯᠭ᠎ᠠ ᠲᠠᠢ | ᠡᠭᠦᠷᠭᠡ ᠶᠢᠨ ᠨᠠᠷᠢᠨ ᠲᠠᠩᠰᠠ᠂ ᠡᠬᠡ ᠲᠠᠩᠰᠠ᠂ ︽ᠬᠠᠶᠢᠨᠠᠨ ᠲᠣᠭᠤᠷᠢᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠨᠠᠷᠢᠨ ᠲᠠᠩᠰᠠ ︵2025 ᠣᠨ ᠤ ᠬᠡᠪᠯᠡᠯ︶︾ ᠶᠢ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |